ᠾᠧ ᠬᠠᠢ ᠳ᠋ᠦᠩ ᠵᠠᠮ ᠬᠠᠷᠢᠯᠴᠠᠭᠠᠨ ᠤ ᠪᠠᠩᠬᠢ ᠶᠢᠨ ᠶᠡᠷᠦᠩᠬᠡᠢ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠶᠡᠷᠦᠩᠬᠡᠢ ᠳᠠᠭᠠᠭᠠᠮᠠᠯ ᠵᠧᠦ ᠶᠠᠨ ᠲᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/1/20
      ︵ᠰᠤᠷᠪᠤᠯᠵᠢᠯᠠᠭᠴᠢ ᠠᠷᠢᠭᠤᠨ᠎ᠠ ︶ 1 ᠳ᠋ᠦ᠋ᠭᠡᠷ ᠰᠠᠷ᠎ᠠ ᠶᠢᠨ 19  ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠠᠮ ᠬᠠᠷᠢᠯᠴᠠᠭᠠᠨ ᠤ ᠪᠠᠩᠬᠢ ᠶᠢᠨ ᠶᠡᠷᠦᠩᠬᠡᠢ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠤᠨ ᠶᠡᠷᠦᠩᠬᠡᠢ ᠳᠠᠭᠠᠭᠠᠮᠠᠯ ᠵᠧᠦ ᠶᠠᠨ ᠲᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠵᠧᠦ ᠶᠠᠨ ᠲᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠠᠮ ᠬᠠᠷᠢᠯᠴᠠᠭᠠᠨ ᠤ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠶᠢᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠤᠭ᠎ᠠ ᠪᠠᠷᠢᠮᠲᠠ ᠶᠢᠨ ᠲᠥᠪ ᠨᠢ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ ᠠᠵᠤ ᠠᠬᠤᠢ ᠨᠡᠶᠢᠭᠡᠮ ᠤᠨ ᠠᠵᠢᠯᠯᠠᠭᠠᠨ ᠤ ᠮᠡᠳᠡᠷᠡᠯ ᠤᠨ ᠲᠥᠪ᠂ ᠰᠦᠯᠵᠢᠶᠡᠨ ᠤ ᠠᠶᠤᠯᠭᠦᠢ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠬᠥᠬᠡᠬᠤᠲᠠ ᠳᠤ ᠰᠠᠶᠢᠨ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠨᠥᠬᠦᠴᠡᠯ ᠲᠠᠢ ᠪᠠᠶᠢᠵᠤ᠂ ᠵᠠᠮ ᠬᠠᠷᠢᠯᠴᠠᠭᠠᠨ ᠤ ᠪᠠᠩᠬᠢ ᠶᠢᠨ ᠳᠡᠭᠡᠳᠦ ᠠᠮᠤᠷ ᠲᠦᠪᠰᠢᠨ ᠲᠤᠭ᠎ᠠ ᠪᠠᠷᠢᠮᠲᠠ ᠶᠢᠨ ᠲᠥᠪ ᠪᠠᠶᠢᠭᠤᠯᠬᠤ ᠳᠤ ᠠᠰᠢᠭᠲᠠᠢ᠂ ᠵᠠᠮ ᠬᠠᠷᠢᠯᠴᠠᠭᠠᠨ ᠤ ᠪᠠᠩᠬᠢ ᠪᠣᠯᠣᠨ ᠬᠥᠬᠡᠬᠤᠲᠠ ᠬᠠᠮᠲᠤᠪᠠᠷ ᠮᠥᠩᠭᠦᠨ ᠭᠦᠢᠯᠭᠡᠭᠡᠨ ᠤ ᠦᠢᠯᠡᠰ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠲᠣᠬᠢᠷᠠᠬᠤ ︽ᠰᠢᠨ᠎ᠡ ᠠᠷᠭ᠎ᠠ ᠵᠠᠮ︾ ᠢ ᠬᠠᠶᠢᠨ ᠰᠦᠪᠡᠭᠴᠢᠯᠡᠵᠦ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠤᠭ᠎ᠠ ᠪᠠᠷᠢᠮᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠬᠥᠬᠡᠬᠤᠲᠠ ᠪᠦᠬᠦ ᠬᠦᠴᠦᠨ ᠢᠶᠠᠷ ᠢᠶᠠᠨ ᠲᠦᠯᠬᠢᠨ  ᠠᠬᠢᠭᠤᠯᠵᠤ᠂ ᠪᠦᠬᠦ ᠶᠠᠪᠤᠴᠠ ᠳᠤ ᠦᠢᠯᠡᠴᠢᠯᠡᠵᠦ᠂ ᠬᠤᠯᠪᠣᠭᠳᠠᠯ ᠪᠦᠬᠦᠢ ᠲᠦᠷᠦᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠬᠤ ᠪᠠᠷ ᠴᠢᠷᠮᠠᠶᠢᠵᠤ᠂ ᠨᠡᠩ ᠤᠯᠠᠨ ᠪᠠᠩᠬᠢ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠬᠥᠬᠡᠬᠤᠲᠠ ᠳᠤ ᠠᠩᠬᠠᠷᠤᠯ ᠲᠠᠯᠪᠢᠵᠤ᠂ ᠬᠥᠬᠡᠬᠤᠲᠠ ᠳᠤ ᠪᠡᠯᠡ ᠣᠷᠣᠭᠤᠯᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃      ᠵᠧᠦ ᠶᠠᠨ ᠲᠢ ᠬᠥᠬᠡᠬᠤᠲᠠ ᠶᠢᠨ ᠵᠠᠮ ᠬᠠᠷᠢᠯᠴᠠᠭᠠᠨ ᠤ ᠪᠠᠩᠬᠢ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠪᠠ᠃ ᠲᠡᠷᠡ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠬᠥᠭᠵᠢᠯᠲᠡ ᠶᠢᠨ ᠬᠠᠨᠳᠤᠰᠢ ᠰᠠᠶᠢᠨ᠂ ᠮᠠᠰᠢ ᠶᠡᠭᠡ ᠳᠠᠯᠳᠠ ᠬᠦᠴᠦᠨ ᠲᠠᠢ᠂ ᠵᠠᠮ ᠬᠠᠷᠢᠯᠴᠠᠭᠠᠨ ᠤ ᠪᠠᠩᠬᠢ ᠬᠥᠬᠡᠬᠤᠲᠠ ᠶᠢᠨ ᠰᠢᠨ᠎ᠡ ᠨᠢᠭᠡ ᠡᠭᠡᠯᠵᠢ ᠶᠢᠨ ᠶᠡᠭᠡ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠠᠨ ᠤᠯᠤᠰ ᠤᠨ ᠴᠢᠨᠠᠷ ᠲᠠᠢ᠂ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠥᠬᠡᠬᠤᠲᠠ ᠶᠢᠨ ᠣᠨᠴᠠᠯᠢᠭ ᠲᠠᠢ᠂ ᠠᠷᠠᠳ ᠲᠤ ᠠᠰᠢᠭ ᠬᠦᠷᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠣᠯᠣᠨ ᠦᠢᠯᠡᠴᠢᠯᠡᠭᠡ ᠭᠠᠷᠭᠠᠵᠤ᠂ ᠬᠥᠬᠡᠬᠤᠲᠠ ᠶᠢᠨ ᠬᠥᠭᠵᠢᠯᠲᠡ ᠪᠠᠨ ᠲᠦᠷᠭᠡᠳᠬᠡᠬᠦ ᠳᠤ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠨᠠᠩ ᠣᠯᠠᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠠᠭᠤᠷᠢ ᠶᠢ ᠪᠠᠲᠤᠳᠬᠠᠨ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃     ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ