ᠤᠯᠤᠰ ᠤᠨ ᠭᠠᠳᠠᠭᠠᠳᠤ ᠶᠢᠨ ᠤᠷᠢᠯᠭ᠎ᠠ ᠶᠢᠨ ᠪᠢᠴᠢᠭ ᠤᠨ ᠣᠷᠴᠢᠭᠤᠯᠭ᠎ᠠ ᠶᠢᠨ ᠲᠤᠬᠠᠶᠢᠯᠠᠭᠰᠠᠨ ᠠᠵᠢᠯ ᠬᠦᠢᠴᠡᠳᠬᠡᠬᠦ ᠳᠤ ᠮᠡᠳᠡᠬᠦ ᠴᠢᠬᠤᠯᠠᠳᠠᠢ ᠵᠦᠢᠯᠡᠰ
ᠨᠡᠶᠢᠲᠡᠯᠡᠭᠰᠡᠨ ᠴᠠᠭ᠄
2022/1/20
      ᠨᠢᠭᠡ᠂ ᠭᠤᠶᠤᠴᠢᠯᠠᠬᠤ ᠨᠥᠬᠦᠴᠡᠯ      ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠮᠠᠨ ᠤ ᠲᠥᠪ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠪᠡᠯ᠂ ᠭᠤᠶᠤᠴᠢᠯᠠᠭᠴᠢ ᠬᠥᠬᠡᠬᠤᠲᠠ ᠣᠷᠣᠨ ᠳᠤ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠪᠠᠶᠢᠬᠤ ᠬᠡᠷᠡᠭᠲᠡᠶ᠂ ᠬᠡᠷᠪᠡ ᠬᠥᠬᠡᠬᠤᠲᠠ ᠣᠷᠣᠨ ᠤ ᠡᠷᠦᠬᠡ ᠠᠮᠠ ᠶᠢᠨ ᠳᠠᠩᠰᠠ ᠦᠭᠡᠢ ᠪᠠᠶᠢᠩᠭᠤ ᠶᠢᠨ ᠰᠠᠭᠤᠭᠠᠯᠢ ᠪᠣᠯ ᠬᠥᠬᠡᠬᠤᠲᠠ ᠳᠤ ᠣᠷᠣᠰᠢᠨ ᠰᠠᠭᠤᠬᠤ ᠦᠨᠡᠮᠯᠡᠯ ᠪᠤᠶᠤ ᠠᠵᠢᠯ ᠤᠨ ᠭᠡᠷᠡᠴᠢ ᠵᠡᠷᠭᠡ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃      ᠬᠤᠶᠠᠷ᠂ ᠭᠤᠶᠤᠴᠢᠯᠠᠬᠤ ᠮᠠᠲ᠋ᠧᠷᠢᠶᠠᠯ ᠵᠢᠴᠢ ᠱᠠᠭᠠᠷᠳᠠᠯᠭ᠎ᠠ      ᠭᠤᠶᠤᠴᠢᠯᠠᠭᠴᠢ ᠬᠦᠴᠦᠨ ᠲᠠᠢ ᠬᠤᠭᠤᠴᠠᠭᠠᠨ ᠳᠠᠬᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠨᠢᠭᠤᠷ ᠲᠠᠯ᠎ᠠ ᠪᠠ ᠠᠷᠤ ᠲᠠᠯ᠎ᠠ︶ ᠢ ᠬᠠᠩᠭᠠᠬᠤ ᠬᠡᠷᠡᠭᠲᠡᠶ᠂ ᠬᠥᠬᠡᠬᠤᠲᠠ ᠣᠷᠣᠨ ᠤ ᠡᠷᠦᠬᠡ ᠠᠮᠠ ᠶᠢᠨ ᠲᠠᠩᠰᠠ ᠦᠭᠡᠢ  ᠪᠠᠶᠢᠩᠭᠤ ᠶᠢᠨ ᠰᠠᠭᠤᠭᠠᠯᠢ ᠬᠥᠬᠡᠬᠤᠲᠠ ᠶᠢᠨ ᠣᠷᠣᠰᠢᠨ ᠰᠠᠭᠤᠬᠤ ᠦᠨᠡᠮᠯᠡᠯ ᠪᠤᠶᠤ ᠠᠵᠢᠯ ᠤᠨ ᠭᠡᠷᠡᠴᠢ ᠵᠡᠷᠭᠡ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠂ ᠬᠥᠬᠡᠬᠤᠲᠠ ᠳᠤ ᠪᠠᠢᠭ᠎ᠠ ᠭᠠᠳᠠᠭᠠᠳᠤ ᠶᠢᠨ ᠬᠠᠷᠢᠶᠠᠲᠤ ᠥᠪᠡᠷ ᠤᠨ ᠫᠠᠰᠫᠣᠷᠲ ᠢᠶᠠᠨ ᠬᠠᠩᠭᠠᠬᠤ ᠬᠡᠷᠡᠭᠲᠡᠶ᠂ ᠭᠤᠶᠤᠴᠢᠯᠠᠭᠴᠢ ᠪᠠᠰᠠ ᠭᠠᠳᠠᠭᠠᠳᠤ ᠶᠢᠨ ᠤᠷᠢᠯᠭ᠎ᠠ ᠶᠢᠨ ᠪᠢᠴᠢᠭ ᠤᠨ ᠬᠠᠭᠤᠯᠪᠤᠷᠢ ᠶᠢ ᠬᠠᠩᠭᠠᠬᠤ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠪᠠ ᠰᠢᠤᠳᠠᠨ ᠤ ᠬᠠᠶ᠋ᠢᠭ ᠢᠶᠠᠨ ᠲᠣᠳᠤᠷᠬᠠᠢ ᠪᠢᠴᠢᠬᠦ ᠬᠡᠷᠡᠭᠲᠡᠶ᠃      ᠭᠤᠷᠪᠠ᠂ ᠵᠠᠷᠤᠳᠠᠯ      ᠬᠥᠬᠡᠬᠤᠲᠠ ᠶᠢᠨ ᠭᠠᠳᠠᠭᠠᠳᠤ ᠯᠤᠭ᠎ᠠ ᠶᠢᠨ ᠨᠥᠬᠦᠷᠰᠡᠭ ᠬᠠᠷᠢᠯᠴᠠᠭᠠᠨ ᠤ ᠲᠥᠪ ᠨᠢ ᠬᠥᠬᠡᠬᠤᠲᠠ ᠶᠢᠨ ᠬᠤᠲᠠ ᠶᠢᠨ ᠠᠷᠠᠳ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ  ᠦᠢᠯᠡᠴᠢᠯᠡᠭᠡ ᠬᠠᠩᠭᠠᠬᠤ ᠳᠠᠭᠠᠨ ᠣᠷᠴᠢᠭᠤᠯᠬᠤ ᠰᠦᠢᠳᠬᠡᠯ ᠬᠤᠷᠢᠶᠠᠬᠤ ᠥᠬᠡᠶ᠂ ᠬᠡᠷᠪᠡ ᠰᠢᠤᠳᠠᠨ ᠢᠶᠠᠷ ᠢᠯᠡᠭᠡᠬᠦ ᠴᠢᠬᠤᠯᠠ ᠲᠠᠢ ᠪᠣᠯ ᠰᠢᠤᠳᠠᠨ ᠤ ᠰᠦᠢᠳᠬᠡᠯ ᠢᠶᠠᠨ ᠥᠪᠡᠷ ᠢᠶᠠᠨ ᠳᠠᠭᠠᠭᠠᠨ᠎ᠠ᠃      ᠳᠥᠷᠪᠡ᠂ ᠬᠦᠢᠴᠡᠳᠭᠡᠬᠦ ᠴᠠᠭ ᠤᠨ ᠬᠢᠵᠠᠭᠠᠷ      ᠲᠤᠬᠠᠶᠢᠯᠠᠭᠰᠠᠨ ᠠᠵᠢᠯ ᠢ ᠬᠦᠯᠢᠶᠡᠨ ᠠᠪᠤᠭᠰᠠᠨ ᠴᠠᠭ ᠠᠴᠠ ᠡᠬᠢᠯᠡᠨ 3 ᠠᠵᠢᠯ ᠤᠨ ᠡᠳᠦᠷ ᠤᠨ ᠳᠣᠲᠣᠷ᠎ᠠ ᠣᠷᠴᠢᠭᠤᠯᠵᠤ ᠳᠠᠭᠤᠰᠤᠭᠰᠠᠨ ᠤ ᠳᠠᠷᠠᠭ᠎ᠠ ᠰᠢᠦᠳᠠᠨ ᠢᠶᠠᠷ ᠢᠯᠡᠭᠡᠨ᠎ᠡ᠃      ᠲᠠᠪᠤ᠂ ᠤᠯᠤᠰ ᠤᠨ ᠭᠠᠳᠠᠭᠠᠳᠤ ᠶᠢᠨ ᠤᠷᠢᠯᠭ᠎ᠠ ᠶᠢᠨ ᠪᠢᠴᠢᠭ ᠤᠨ ᠣᠷᠴᠢᠭᠤᠯᠭ᠎ᠠ ᠶᠢᠨ ᠠᠵᠢᠯ ᠤᠨ ᠴᠤᠪᠤᠷᠠᠯ      ︵ᠨᠢᠭᠡ︶ ᠭᠤᠶᠤᠴᠢᠯᠠᠬᠤ      ᠭᠤᠶᠤᠴᠢᠯᠠᠭᠴᠢ ᠣᠷᠴᠢᠭᠤᠯᠬᠤ ᠳᠤ ᠬᠡᠷᠡᠭᠰᠡᠬᠦ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠢ ᠢᠮᠧᠯ ᠢᠶᠠᠷ ᠢᠯᠡᠭᠡᠨ᠎ᠡ᠂ ᠢᠮᠧᠯ ᠤᠨ ᠬᠠᠶ᠋ᠢᠭ᠄ hhtsdwyhjlzx@126.com᠂ ᠡᠭᠦᠨ ᠤ ᠬᠠᠮᠳᠤ ᠢᠮᠧᠯ ᠳᠡᠭᠡᠨ ᠣᠪᠣᠭ ᠨᠡᠷ᠎ᠡ᠂ ᠤᠲᠠᠰᠤ ᠪᠠ  ᠰᠢᠤᠳᠠᠨ ᠭᠤᠪᠢᠭᠤᠯᠭ᠎ᠠ ᠲᠤᠰᠬᠤ ᠨᠠᠷᠢᠨ ᠲᠣᠳᠣᠷᠬᠠᠶ ᠬᠠᠶ᠋ᠢᠭ ᠢᠶᠠᠨ  ᠳᠤᠳᠤᠷᠬᠠᠢ ᠪᠢᠴᠢᠨ᠎ᠡ᠃      ︵ᠬᠤᠶᠠᠷ︶ ᠬᠢᠨᠠᠨ ᠬᠠᠷᠭᠤᠭᠤᠯᠬᠤ      ᠣᠷᠴᠢᠭᠤᠯᠭ᠎ᠠ ᠶᠢᠨ ᠮᠠᠲ᠋ᠧᠷᠢᠶᠠᠯ ᠨᠢ ᠣᠷᠴᠢᠭᠤᠯᠬᠤ ᠨᠥᠬᠦᠴᠡᠯ ᠳᠤ ᠨᠡᠶᠢᠴᠡᠬᠦ ᠡᠰᠡᠬᠦ ᠶᠢ ᠬᠦᠯᠢᠶᠡᠨ ᠠᠪᠤᠭᠴᠢ ᠬᠢᠨᠠᠨ ᠬᠠᠷᠭᠤᠭᠤᠯᠤᠨ᠎ᠠ᠃ ᠬᠡᠷᠪᠡ ᠬᠦᠯᠢᠶᠡᠨ ᠠᠪᠴᠤ  ᠰᠢᠢᠳᠪᠦᠷᠢᠯᠡᠬᠦ ᠨᠥᠬᠦᠴᠡᠯ ᠳᠤ ᠨᠡᠶᠢᠴᠡᠪᠡᠯ᠂ ᠢᠮᠤᠯ ᠢᠶᠠᠷ ᠨᠢᠭᠡᠨᠲᠡ ᠬᠦᠯᠢᠶᠡᠨ ᠠᠪᠴᠤ ᠰᠢᠢᠳᠪᠦᠷᠢᠯᠡᠬᠦ ᠪᠠᠷ  ᠪᠠᠶᠢᠭ᠎ᠠ ᠶᠢ ᠮᠡᠳᠡᠭᠳᠡᠨ᠎ᠡ︔ ᠬᠡᠷᠪᠡ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠪᠣᠯ ᠢᠮᠧᠯ ᠪᠤᠶᠤ ᠤᠲᠠᠰᠤ ᠪᠠᠷ ᠬᠦᠯᠢᠶᠡᠨ ᠠᠪᠴᠤ ᠰᠢᠢᠳᠪᠦᠷᠢᠯᠡᠬᠦ ᠦᠭᠡᠢ ᠰᠢᠯᠲᠠᠭᠠᠨ ᠢᠶᠠᠨ ᠲᠣᠳᠣᠷᠬᠠᠶᠢᠯᠠᠨ᠎ᠠ᠃      ︵ᠭᠤᠷᠪᠠ︶ ᠣᠷᠴᠢᠭᠤᠯᠬᠤ      ᠭᠤᠶᠤᠴᠢᠯᠠᠭᠴᠢ ᠶᠢᠨ ᠭᠤᠶᠤᠴᠢᠯᠠᠭᠰᠠᠨ ᠮᠠᠲ᠋ᠧᠷᠢᠶᠠᠯ ᠤᠨ ᠬᠡᠯᠡᠨ ᠤ ᠲᠥᠷᠥᠯ ᠢ ᠦᠨᠳᠦᠰᠦᠯᠡᠨ ᠣᠷᠴᠢᠭᠤᠯᠤᠭᠴᠢ ᠶᠢ ᠲᠣᠭᠲᠠᠭᠠᠨ ᠣᠷᠴᠢᠭᠤᠯᠬᠤ ᠪᠠ ᠣᠷᠴᠢᠭᠤᠯᠭ᠎ᠠ ᠶᠢ ᠬᠠᠷᠭᠤᠭᠤᠯᠤᠨ᠎ᠠ᠃      ︵ᠲᠦᠷᠪᠡ︶ ᠭᠤᠶᠤᠴᠢᠯᠠᠭᠴᠢ ᠨᠤᠲᠠᠯᠠᠬᠤ    ᠣᠷᠴᠢᠭᠤᠯᠵᠤ ᠳᠠᠭᠤᠰᠤᠭᠰᠠᠨ ᠤ ᠳᠠᠷᠠᠭ᠎ᠠ᠂ ᠠᠵᠢᠯᠲᠠᠨ ᠠᠴᠠ ᠣᠷᠴᠢᠭᠤᠯᠭ᠎ᠠ ᠶᠢᠨ ᠮᠠᠲ᠋ᠧᠷᠢᠶᠠᠯ ᠢ ᠭᠤᠶᠤᠴᠢᠯᠠᠭᠴᠢ ᠶᠢᠨ ᠢᠮᠧᠯ ᠤᠨ ᠬᠠᠶᠢᠷᠴᠠᠭ ᠲᠤ ᠢᠯᠡᠭᠡᠵᠦ᠂ ᠭᠤᠶᠤᠴᠢᠯᠠᠭᠴᠢ ᠠᠴᠠ ᠬᠦᠯᠢᠶᠡᠨ‌ᠠᠪᠬᠤ ᠶᠢᠨ ᠬᠠᠮᠲᠤ ᠣᠷᠴᠢᠭᠤᠯᠤᠭᠰᠠᠨ ᠠᠭᠤᠯᠭ᠎ᠠ ᠶᠢ ᠬᠠᠷᠭᠤᠭᠤᠯᠵᠤ᠂ ᠣᠷᠴᠢᠭᠤᠯᠤᠭᠰᠠᠨ ᠦᠷ᠎ᠡ ᠳ᠋ᠦᠩ ᠳᠤ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠢᠮᠧᠯ ᠢᠶᠠᠷ ᠳᠤ ᠬᠠᠷᠢᠭᠤ ᠦᠭᠭᠦᠨ᠎ᠡ᠃      ︵ᠲᠠᠪᠤ︶ ᠢᠯᠡᠭᠡᠬᠦ    ᠬᠦᠯᠢᠶᠡᠨ ᠠᠪᠤᠭᠴᠢ ᠭᠤᠶᠤᠴᠢᠯᠠᠭᠴᠢ ᠶᠢᠨ ᠬᠠᠷᠢᠭᠤ ᠢᠮᠧᠯ ᠢ ᠣᠯᠤᠭᠰᠠᠨ ᠤ ᠳᠠᠷᠠᠭ᠎ᠠ ᠣᠷᠴᠢᠭᠤᠯᠭ᠎ᠠ ᠶᠢᠨ ᠮᠠᠲ᠋ᠧᠷᠢᠶᠠᠯ ᠢ ᠢᠯᠡᠭᠡᠨ᠎ᠡ᠃ ᠵᠠᠷᠴᠢᠮ ᠳᠡᠭᠡᠷ᠎ᠡ ᠪᠠᠨ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠴᠠᠭ ᠠᠴᠠ ᠡᠬᠢᠯᠡᠨ 3 ᠠᠵᠢᠯ ᠤᠨ ᠡᠳᠦᠷ ᠤᠨ ᠳᠣᠲᠣᠷ᠎ᠠ ᠣᠷᠴᠢᠭᠤᠯᠵᠤ ᠳᠠᠭᠤᠰᠬᠠᠭᠠᠳ ᠢᠯᠡᠭᠡᠨ᠎ᠡ᠂ ᠰᠢᠤᠳᠠᠨ ᠤ ᠰᠦᠢᠳᠬᠡᠯ ᠢ ᠬᠦᠷᠦᠭᠰᠡᠨ ᠤ ᠲᠠᠷᠠᠭ᠎ᠠ ᠭᠤᠶᠤᠴᠢᠯᠠᠭᠴᠢ ᠪᠣᠳᠤᠵᠤ ᠦᠭᠭᠦᠨ᠎ᠡ᠃      ᠵᠢᠷᠭᠤᠭ᠎ᠠ᠂ ᠮᠡᠳᠡᠭᠳᠡᠬᠦ      ᠮᠠᠨ ᠤ ᠨᠢᠭᠡᠴᠡ ᠠᠴᠠ ᠭᠠᠷᠭᠠᠭᠰᠠᠨ ᠣᠷᠴᠢᠭᠤᠯᠭ᠎ᠠ ᠶᠢᠨ ᠮᠠᠲ᠋ᠧᠷᠢᠶᠠᠯ ᠢ ᠵᠥᠪᠬᠡᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠯᠠᠪᠯᠠᠯᠲᠠ ᠪᠣᠯᠭᠠᠨ᠎ᠠ᠂ ᠦᠨᠡᠮᠯᠡᠯ ᠵᠢᠴᠢ ᠪᠤᠰᠤᠳ ᠮᠠᠲ᠋ᠧᠷᠢᠶᠠᠯ ᠤᠨ ᠦᠨᠡᠨ ᠬᠤᠳᠠᠯ ᠢ ᠢᠯᠭᠠᠵᠤ ᠥᠭᠬᠦ ᠦᠭᠡᠢ᠂ ᠶᠠᠮᠠᠷ ᠴᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠦᠭᠡᠢ᠃      ᠳᠣᠯᠤᠭ᠎ᠠ᠂ ᠲᠤᠬᠠᠶᠢᠯᠠᠭᠰᠠᠨ ᠠᠵᠢᠯ ᠢ ᠯᠠᠪᠯᠠᠬᠤ ᠤᠳᠠᠰᠤ      0471-6621256      ︵ᠬᠠᠷᠢᠯᠴᠠᠬᠤ ᠬᠥᠮᠦᠨ᠄ ᠬᠦᠭᠡ᠂ ᠬᠠᠷᠢᠯᠴᠠᠬᠤ ᠤᠲᠠᠰᠤ᠄ 0471-6621256︶
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ