ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠬᠦ ᠶᠢ ᠥᠪᠡᠰᠦᠪᠡᠨ ᠳᠠᠩᠰᠠᠯᠠᠬᠤ ᠦᠢᠯᠡᠴᠢᠯᠡᠭᠡ ᠶᠢ ᠥᠷᠨᠢᠭᠦᠯᠬᠦ ᠳᠤ ᠮᠡᠳᠡᠬᠦ ᠴᠢᠬᠤᠯᠠᠳᠠᠢ ᠵᠦᠢᠯᠡᠰ
ᠨᠡᠶᠢᠲᠡᠯᠡᠭᠰᠡᠨ ᠴᠠᠭ᠄
2022/1/20
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠬᠦ ᠶᠢ ᠥᠪᠡᠰᠦᠪᠡᠨ ᠳᠠᠩᠰᠠᠯᠠᠬᠤ ᠦᠢᠯᠡᠴᠢᠯᠡᠭᠡ ᠶᠢ ᠥᠷᠨᠢᠭᠦᠯᠬᠦ ᠲᠤᠬᠠᠢ ᠮᠡᠳᠡᠭᠳᠡᠯ︾ ᠶᠣᠰᠣᠭᠠᠷ᠂ ᠣᠨᠳᠣᠣ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ︽ᠭᠡᠷᠡᠴᠢᠯᠡᠬᠦ ᠮᠠᠲ᠋ᠧᠷᠢᠶᠠᠯ ᠢ ᠬᠡᠯᠲᠦᠷᠢᠭᠦᠯᠬᠦ᠂ ᠭᠠᠷᠲᠠᠨ ᠭᠦᠢᠴᠡᠳᠬᠡᠬᠦ ᠶᠢ ᠬᠢᠨᠠᠨ ᠬᠠᠷᠭᠤᠭᠤᠯᠬᠤ ᠶᠢ ᠬᠡᠯᠲᠦᠷᠢᠭᠦᠯᠬᠦ᠂ ᠲᠡᠷᠡ ᠳᠠᠷᠤᠢ ᠳᠤᠨᠢ ᠨᠡᠭᠡᠭᠡᠵᠦ ᠨᠡᠪᠲᠡᠷᠡᠭᠦᠯᠬᠦ᠂ ᠲᠡᠷᠡ ᠳᠠᠷᠤᠢ ᠳᠤᠨᠢ ᠡᠳ᠋ᠯᠡᠬᠦ︾ ᠵᠠᠷᠴᠢᠮ ᠶᠣᠰᠣᠭᠠᠷ᠂ ᠮᠡᠳᠡᠭᠳᠡᠵᠦ ᠠᠮᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠥᠪᠡᠰᠦᠪᠡᠨ ᠳᠠᠩᠰᠠᠯᠠᠬᠤ ᠶᠢ ᠬᠡᠷᠡᠭᠵᠢᠬᠦᠯᠦᠨ᠎ᠡ᠃      ᠨᠢᠭᠡ᠂ ᠣᠨᠳᠣᠣ ᠭᠠᠵᠠᠷ ᠲᠤ ᠡᠮᠴᠢᠯᠡᠭᠦᠯᠬᠦ ᠬᠥᠮᠥᠰ ᠤᠨ ᠲᠥᠷᠥᠯ ᠢᠯᠭᠠᠯ      ︵ᠨᠢᠭᠡ︶ ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ᠄ ᠣᠨᠳᠣᠣ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠪᠠᠭᠤᠵᠤ ᠠᠮᠠᠷᠠᠭᠰᠠᠳ᠂ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ᠂ ᠣᠨᠳᠣᠣ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠢ ︽ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ︾ ᠭᠡᠵᠦ ᠨᠢᠭᠡᠳᠦᠯᠲᠡᠢ ᠲᠣᠬᠢᠷᠠᠭᠤᠯᠤᠨ ᠳᠥᠭᠦᠮᠴᠢᠯᠡᠨ᠎ᠡ᠃      ︵ᠬᠤᠶᠠᠷ︶ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠥᠰ᠄ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠬᠦ ᠬᠥᠮᠥᠰ᠂ ᠥᠪᠡᠰᠦᠪᠡᠨ ᠭᠠᠳᠠᠭᠰᠢ ᠭᠠᠷᠴᠤ ᠡᠮᠨᠡᠭᠦᠯᠦᠭᠰᠡᠨ ᠬᠥᠮᠥᠰ ᠵᠢᠴᠢ ᠠᠵᠢᠯ᠂ ᠵᠢᠭᠤᠯᠴᠢᠯᠠᠯ ᠵᠡᠷᠭᠡ ᠰᠢᠯᠲᠠᠭᠠᠨ ᠠᠴᠠ ᠪᠣᠯᠵᠤ ᠪᠠᠴᠢᠮ  ᠡᠮᠴᠢᠯᠡᠭᠦᠯᠬᠦ ᠴᠢᠬᠤᠯᠠᠳᠠᠢ ᠬᠥᠮᠥᠰ ᠢ ︽ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠬᠦ ᠬᠥᠮᠥᠰ︾ ᠭᠡᠵᠦ ᠨᠢᠭᠡᠳᠦᠯᠲᠡᠢ ᠲᠣᠬᠢᠷᠠᠭᠤᠯᠤᠨ ᠳᠥᠭᠦᠮᠴᠢᠯᠡᠨ᠎ᠡ᠃      ᠬᠤᠶᠠᠷ᠂ ᠥᠪᠡᠰᠦᠪᠡᠨ ᠳᠠᠩᠰᠠᠯᠠᠬᠤ ᠶᠢ ᠭᠦᠢᠴᠡᠳᠬᠡᠬᠦ ᠴᠤᠪᠤᠷᠠᠯ      ︵ᠨᠢᠭᠡ︶ ︽ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠤᠨ APP ᠶᠢ ᠪᠠᠭᠤᠯᠭᠠᠨ ᠤᠭᠰᠠᠷᠠᠵᠤ᠂ ᠦᠨᠡᠨ ᠨᠡᠷ᠎ᠡ ᠪᠠᠷ ᠢᠶᠠᠨ ᠳᠠᠩᠰᠠᠯᠠᠭᠤᠯᠤᠨ ᠣᠷᠤᠵᠤ᠂ ︽ᠣᠨᠳᠣᠣ ᠭᠠᠵᠠᠷ ᠲᠤ ᠳᠠᠩᠰᠠᠯᠠᠭᠤᠯᠬᠤ︾ ᠶᠢ ᠰᠣᠩᠭᠤᠵᠤ᠂ ︽ᠣᠨᠳᠣᠣ ᠭᠠᠵᠠᠷ ᠲᠤ ᠳᠠᠩᠰᠠᠯᠠᠭᠤᠯᠵᠤ ᠡᠮᠴᠢᠯᠡᠭᠦᠯᠬᠦ ᠭᠤᠶᠤᠴᠢᠯᠠᠯ︾ ᠢ ᠲᠣᠪᠴᠢᠳᠠᠨ᠎ᠠ︔      ︵ᠬᠤᠶᠠᠷ︶ ᠳᠠᠭᠠᠳᠬᠠᠯ ᠳᠤ ᠣᠷᠣᠭᠰᠠᠨ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︾ ᠢᠶᠠᠷ ᠰᠣᠩᠭᠤᠵᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠡᠮᠴᠢᠯᠡᠭᠦᠯᠦᠭᠰᠡᠨ ᠭᠠᠵᠠᠷ᠂ ᠳᠠᠭᠠᠳᠬᠠᠯ ᠳᠤ ᠣᠷᠣᠯᠴᠠᠭᠰᠠᠨ ᠲᠥᠷᠥᠯ ᠵᠦᠢᠯ ᠵᠢᠴᠢ ᠳᠠᠩᠰᠠᠯᠠᠭᠤᠯᠬᠤ ᠲᠥᠷᠥᠯ ᠬᠡᠯᠪᠡᠷᠢ ᠶᠢ ᠰᠣᠩᠭᠤᠵᠤ᠂ ᠪᠣᠳᠠᠲᠠᠢ ᠪᠠᠨ ᠦᠨᠳᠦᠰᠦᠯᠡᠨ ᠲᠠᠭᠯᠠᠭᠰᠠᠨ ᠤ ᠳᠠᠷᠠᠭ᠎ᠠ ︽ᠡᠬᠢᠯᠡᠵᠦ ᠳᠠᠩᠰᠠᠯᠠᠭᠤᠯᠬᠤ︾ ᠶᠢ ᠲᠣᠪᠴᠢᠳᠠᠨ᠎ᠠ︔      ︵ᠭᠤᠷᠪᠠ︶ ︽ᠥᠪᠡᠰᠦᠪᠡᠨ ᠨᠡᠭᠡᠭᠡᠵᠦ ᠨᠡᠪᠲᠡᠷᠡᠭᠦᠯᠬᠦ ᠶᠢ ᠮᠡᠳᠡᠭᠳᠡᠬᠦ ᠪᠢᠴᠢᠭ︾ ᠢ ᠨᠠᠷᠢᠨ ᠤᠩᠰᠢᠬᠤ ᠶᠢᠨ ᠬᠠᠮᠲᠤ ︽ᠳᠠᠩᠰᠠᠯᠠᠭᠤᠯᠬᠤ ᠮᠡᠳᠡᠭᠳᠡᠯ ᠤᠨ ᠪᠢᠴᠢᠭ ᠢ ᠨᠢᠭᠡᠨᠲᠡ ᠣᠩᠰᠢᠪᠠ︾ ᠢ ᠰᠣᠩᠭᠤᠵᠤ᠂ ︽ᠪᠢ ᠨᠢᠭᠡᠨᠲᠡ ᠤᠩᠰᠢᠵᠠᠢ᠂ ᠡᠬᠢᠯᠡᠨ ᠳᠠᠩᠰᠠᠯᠠᠭᠤᠯᠤᠨ᠎ᠠ︾ ᠶᠢ ᠲᠣᠪᠴᠢᠳᠠᠨ᠎ᠠ︔      ︵ᠳᠥᠷᠪᠡ︶ ᠮᠡᠳᠡᠭᠦᠯᠬᠦ ᠮᠡᠳᠡᠭᠡ ᠵᠠᠩᠭᠢ ᠶᠢ ᠨᠠᠷᠢᠨ ᠬᠢᠨᠠᠮᠠᠭᠠᠢ ᠲᠠᠭᠯᠠᠵᠤ᠂ *ᠵᠦᠢᠯ ᠪᠣᠯ ᠵᠠᠪᠠᠯ ᠲᠠᠭᠯᠠᠬᠤ ᠵᠦᠢᠯ ᠪᠣᠯᠣᠨ᠎ᠠ᠂ ︽ᠬᠤᠪᠢ ᠬᠥᠮᠥᠨ ᠤ ᠠᠮᠠᠯᠠᠯᠲᠠ ᠶᠢᠨ ᠪᠢᠴᠢᠭ︾ ᠤᠨ ᠠᠭᠤᠯᠭ᠎ᠠ ᠶᠢ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠬᠠᠷᠭᠤᠭᠤᠯᠵᠤ᠂ ︽ᠡᠬᠢᠯᠡᠵᠦ ᠭᠠᠷ ᠤᠨ ᠥᠰᠥᠭ ᠵᠢᠷᠤᠬᠤ︾ ᠶᠢ ᠲᠣᠪᠴᠢᠳᠠᠵᠤ ᠭᠠᠷ ᠤᠨ ᠥᠰᠥᠭ  ᠢᠶᠠᠨ ᠵᠢᠷᠤᠵᠤ᠂ ︽ᠬᠠᠳᠠᠭᠠᠯᠠᠬᠤ ᠶᠢᠨ ᠬᠠᠮᠲᠤ ᠲᠤᠰᠢᠶᠠᠬᠤ︾ ᠶᠢ ᠲᠣᠪᠴᠢᠳᠠᠵᠤ᠂ ︽  ᠲᠠᠩᠰᠠᠯᠠᠯᠲᠠ ᠶᠢ ᠲᠤᠰᠢᠶᠠᠬᠤ︾ ᠶᠢ ᠳᠠᠬᠢᠨᠲᠠ ᠲᠣᠪᠴᠢᠳᠠᠵᠤ᠂ ︽ᠦᠢᠯᠡᠴᠢᠯᠡᠭᠡ ᠶᠢ ᠠᠮᠵᠢᠯᠲᠠ ᠲᠠᠢ  ᠨᠡᠭᠡᠭᠡᠵᠦ ᠨᠡᠪᠲᠡᠷᠡᠭᠦᠯᠪᠡ︾ ᠭᠡᠵᠦ ᠰᠠᠨᠠᠭᠤᠯᠵᠤ ᠪᠠᠶᠢᠪᠠᠯ ᠪᠣᠯᠴᠢᠬᠠᠨ᠎ᠠ ︔︵ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠴᠢᠯᠡᠭᠦᠯᠦᠭᠰᠡᠨ ᠬᠥᠮᠥᠰ ᠤᠨ ᠥᠪᠡᠰᠦᠪᠡᠨ  ᠨᠡᠭᠡᠭᠡᠵᠦ  ᠨᠡᠪᠳᠡᠷᠡᠭᠦᠯᠦᠭᠰᠡᠨ ᠤ ᠳᠠᠭᠤᠰᠬᠤ ᠡᠳᠦᠷ ᠬᠤᠭᠤᠴᠠᠭ᠎ᠠ ᠶᠢ ᠵᠠᠪᠠᠯ 30 ᠡᠳᠦᠷ ᠤᠨ ᠳᠣᠲᠣᠷ᠎ᠠ ᠶᠢ ᠰᠣᠩᠭᠤᠬᠤ ᠬᠡᠷᠡᠭᠲᠡᠢ︶      ︵ᠲᠠᠪᠤ︶ ︽ᠣᠨᠳᠣᠣ ᠭᠠᠵᠠᠷ ᠲᠤ ᠡᠮᠴᠢᠯᠡᠭᠦᠯᠬᠦ︾ ᠶᠢᠨ ︽ᠳᠠᠩᠰᠠᠯᠠᠭᠤᠯᠤᠭᠰᠠᠨ ᠲᠡᠮᠳᠡᠭᠯᠡᠯ ᠢ ᠪᠠᠶᠢᠴᠠᠭᠠᠨ ᠯᠠᠪᠯᠠᠬᠤ︾ ᠴᠢᠳᠠᠮᠵᠢᠲᠤ ᠣᠷᠣᠨ ᠳᠤ  ᠡᠨᠡᠬᠦ ᠦᠢᠯᠡᠴᠢᠯᠡᠭᠡ ᠶᠢ ᠥᠪᠡᠰᠦᠪᠡᠨ ᠨᠡᠭᠡᠭᠡᠵᠦ ᠨᠡᠪᠲᠡᠷᠡᠭᠦᠯᠦᠭᠰᠡᠨ ᠨᠠᠷᠢᠨ ᠵᠦᠢᠯᠡᠰ ᠢ  ᠯᠠᠪᠯᠠᠵᠤ ᠦᠵᠡᠵᠦ ᠪᠣᠯᠬᠤ ᠪᠥᠭᠡᠳ ᠲᠠᠩᠰᠠᠯᠠᠯᠲᠠ ᠶᠢ ᠥᠪᠡᠰᠦᠪᠡᠨ ᠬᠦᠴᠦᠨ ᠦᠭᠡᠢ ᠪᠣᠯᠭᠠᠭᠰᠠᠨ ᠴᠤ ᠪᠣᠯᠣᠨ᠎ᠠ᠃      ᠬᠠᠷᠢᠯᠴᠠᠬᠤ ᠬᠥᠮᠥᠨ᠄ ᠯᠦ ᠵᠢᠶᠠ ᠵᠦ 2386090
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ