︵ᠰᠤᠷᠪᠤᠯᠵᠢᠯᠠᠭᠴᠢ ᠰᠦᠩ ᠰᠢᠶᠠᠩ ᠬᠤᠸᠠ︶ 1 ᠳ᠋ᠦ᠋ᠭᠡᠷ ᠰᠠᠷ᠎ᠠ ᠶᠢᠨ 19 ᠤ ᠡᠳᠦᠷ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 | ︱ 2025 ᠣᠨ︶︾ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠯᠲᠠ ᠶᠢ ᠥᠩᠭᠡᠷᠡᠭᠡᠭᠡᠳ᠂ ᠮᠠᠨ ᠤ ᠣᠷᠣᠨ ᠤ ᠠᠩᠬᠠᠳᠠᠭᠴᠢ ᠬᠢᠨᠠᠨ | ᠪᠠᠶᠢᠴᠠᠭᠠᠯᠲᠠ ᠶᠢ ᠥᠩᠭᠡᠷᠡᠭᠡᠭᠰᠡᠨ ᠠᠶᠢᠮᠠᠭ ᠬᠤᠳᠠ ᠶᠢᠨ ᠲᠡᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ | ᠪᠣᠯᠤᠭᠰᠠᠨ ᠪᠠᠶᠢᠨ᠎ᠠ᠃ | ᠡᠨᠡ ᠤᠳᠠᠭᠠᠨ ᠤ ᠬᠢᠨᠠᠨ ᠪᠠᠶᠢᠴᠠᠭᠠᠯᠲᠠ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ | ᠲᠣᠭᠤᠷᠢᠨ ᠤ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ᠂ ᠲᠢᠩᠬᠢᠮ ᠤᠨ ᠬᠠᠮᠢᠶ᠎ᠠ ᠪᠦᠬᠦᠢ ᠰᠠᠯᠠᠭ᠎ᠠ ᠪᠠ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠭᠡᠰᠢᠭᠦᠨ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ ᠬᠤᠷᠠᠯ ᠬᠤᠷᠠᠯᠳᠤᠭᠤᠯᠵᠤ᠂ ︽ᠬᠥᠬᠡᠬᠤᠲᠠ ᠶᠢᠨ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵2021 ︱ 2025 ᠣᠨ︶︾ ᠶᠢᠨ ᠪᠢᠴᠢᠭ᠂ ᠳᠠᠭᠠᠯᠳᠤᠭᠤᠯᠤᠯ | ᠵᠢᠷᠤᠭ᠂ ᠳᠠᠭᠠᠯᠳᠤᠭᠤᠯᠤᠯ ᠬᠦᠰᠦᠨᠦᠭᠲᠦ᠂ ᠲᠤᠭ᠎ᠠ ᠪᠠᠷᠢᠮᠲᠠ ᠶᠢᠨ ᠬᠥᠮᠥᠷᠭᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ᠂ | ᠶᠠᠷᠢᠯᠴᠠᠨ ᠰᠤᠳᠤᠯᠬᠤ ᠪᠠᠷ ᠳᠡᠮᠵᠢᠨ᠄ ︽ᠲᠥᠯᠦᠪᠵᠢᠭᠦᠯᠭᠡ︾ ᠶᠢᠨ ᠬᠠᠷᠠᠯᠲᠠ ᠲᠣᠳᠣᠷᠬᠠᠢ᠂ ᠪᠠᠷᠠᠯᠠᠯᠲᠤ ᠴᠢᠨᠠᠷ ᠲᠠᠢ᠂ ᠰᠢᠨᠵᠢᠯᠡᠬᠦ ᠤᠬᠠᠭᠠᠨᠴᠢ ᠴᠢᠨᠠᠷ ᠲᠠᠢ | ᠪᠠᠶᠢᠵᠤ᠂ ᠬᠥᠬᠡᠬᠤᠲᠠ ᠶᠢᠨ ᠪᠣᠳᠠᠲᠤ ᠪᠠᠶᠢᠳᠠᠯ ᠲᠠᠢ ᠨᠡᠶᠢᠴᠡᠨ᠎ᠡ︔ ︽ᠲᠥᠯᠦᠪᠵᠢᠭᠦᠯᠭᠡ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠠᠵᠢᠯ ᠳᠤ | ᠲᠤᠯᠭᠠᠷᠠᠵᠤ ᠪᠠᠶᠢᠭ᠎ᠠ ᠪᠠᠶᠢᠳᠠᠯ ᠢ ᠪᠤᠰᠤᠳᠴᠢ ᠪᠠᠷ ᠵᠠᠳᠠᠯᠵᠤ᠂ ᠮᠠᠲ᠋ᠧᠷᠢᠶᠠᠯ ᠨᠢ ᠨᠠᠷᠢᠨ ᠪᠣᠳᠠᠲᠠᠢ᠂ ᠲᠤᠭ᠎ᠠ ᠪᠠᠷᠢᠮᠲᠠ ᠨᠢ ᠨᠠᠶᠢᠳᠠᠪᠤᠷᠢᠲᠠᠢ︔ ︽ | ᠲᠥᠯᠦᠪᠵᠢᠭᠦᠯᠭᠡ︾ ᠳᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠶᠡᠷᠦᠩᠬᠡᠢ | ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ ᠱᠠᠭᠠᠷᠳᠠᠯᠭ᠎ᠠ ᠳᠤ ᠨᠡᠶᠢᠴᠡᠪᠡ︔ ︽ᠲᠥᠯᠦᠪᠵᠢᠭᠦᠯᠭᠡ︾ ᠳᠤ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠡᠭᠦᠷᠭᠡ ᠪᠠᠨ ᠵᠣᠬᠢᠰᠲᠠᠢ ᠪᠠᠶᠢᠷᠢᠯᠠᠭᠤᠯᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠪᠠ︔ | ︽ᠲᠥᠯᠦᠪᠵᠢᠭᠦᠯᠭᠡ︾ ᠳᠤ ᠪᠥᠬᠦ ᠬᠤᠲᠠ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠣᠷᠣᠨ ᠤ ᠣᠷᠴᠢᠨ | ᠲᠣᠭᠤᠷᠢᠨ ᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠡᠭᠦᠷᠭᠡ ᠶᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠪᠠ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠱᠠᠭᠠᠷᠳᠠᠯᠭ᠎ᠠ ᠳᠤ ᠨᠡᠶᠢᠴᠡᠪᠡ︔ ︽ᠲᠥᠯᠦᠪᠵᠢᠭᠦᠯᠭᠡ︾ ᠶᠢᠨ ᠲᠤᠭ᠎ᠠ | ᠪᠠᠷᠢᠮᠲᠠ ᠶᠢᠨ ᠬᠥᠮᠥᠷᠭᠡ ᠶᠢᠨ ᠠᠭᠤᠯᠭ᠎ᠠ ᠨᠢ ᠪᠦᠷᠢᠨ ᠪᠦᠲᠦᠨ᠂ ᠪᠦᠲᠦᠴᠡ ᠨᠢ ᠵᠥᠪ ᠣᠨᠣᠪᠴᠢᠲᠠᠶ ᠪᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠲᠥᠯᠦᠪᠵᠢᠭᠦᠯᠭᠡ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠵᠦ ᠭᠡᠵᠦ ᠦᠵᠡᠨ᠂ ︽ | ᠲᠥᠯᠦᠪᠵᠢᠭᠦᠯᠭᠡ︾ ᠶᠢᠨ ᠬᠢᠨᠠᠨ ᠪᠠᠶᠢᠴᠠᠭᠠᠯᠲᠠ ᠶᠢ ᠪᠠᠲᠤᠯᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢ ᠮᠡᠳᠡᠭᠦᠯᠦᠨ | ᠵᠥᠪᠰᠢᠶᠡᠷᠡᠭᠦᠯᠬᠦ ᠲᠠᠰ ᠳᠠᠷᠠᠭᠠᠯᠠᠯ ᠤᠨ ᠶᠣᠰᠣᠭᠠᠷ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠤᠷᠠᠳᠤᠭᠰᠠᠨ ᠰᠠᠨᠠᠯ ᠶᠣᠰᠣᠭᠠᠷ ᠨᠠᠷᠢᠨ ᠬᠢᠨᠠᠮᠠᠭᠠᠢ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠲᠥᠯᠦᠪᠵᠢᠭᠦᠯᠭᠡ︾ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠪᠣᠯᠣᠨ᠎ᠠ | ᠃ |