ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠦᠨᠳᠦᠰᠦᠨ ᠱᠠᠲᠤᠨ ᠳᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠲᠦᠮᠡᠳ ᠵᠡᠭᠦᠨ ᠬᠤᠰᠢᠭᠤᠨ ᠳᠤ ᠬᠦᠷᠪᠡ
ᠨᠡᠶᠢᠲᠡᠯᠡᠭᠰᠡᠨ ᠴᠠᠭ᠄
2022/1/21
      ︵ᠰᠤᠷᠪᠤᠯᠵᠢᠯᠠᠭᠴᠢ ᠯᠢᠦᠢ ᠬᠤᠢ ᠱᠧᠩ︶ 1 ᠳ᠋ᠦ᠋ᠭᠡᠷ ᠰᠠᠷ᠎ᠠ ᠶᠢᠨ 19  ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠵᠦ᠂ ᠲᠦᠮᠡᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠳᠠᠭᠠᠭᠠᠴᠢᠯᠠᠨ ᠡᠷᠬᠢᠯᠡᠭᠰᠡᠨ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠦᠨᠳᠦᠰᠦᠨ ᠱᠠᠲᠤᠨ ᠳᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠲᠦᠮᠡᠳ ᠵᠡᠭᠦᠨ ᠬᠤᠰᠢᠭᠤᠨ ᠳᠤ ᠬᠦᠷᠪᠡ᠃ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠨᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠬᠥᠮᠥᠵᠢᠭᠦᠯᠦᠨ ᠦᠢᠯᠡᠳᠦᠯᠭᠡᠵᠢᠭᠦᠯᠬᠦ ᠪᠠᠷ ᠦᠨᠳᠦᠰᠦ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠥᠨ ᠤ ᠡᠷᠬᠢᠮ ᠳᠡᠭᠡᠳᠦ ᠵᠣᠷᠢᠭ ᠰᠠᠨᠠᠭ᠎ᠠ ᠪᠠᠷ ᠥᠷᠭᠡᠨ ᠣᠯᠠᠨ ᠲᠦᠮᠡᠨ ᠤ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠥᠪᠡᠷ ᠢ ᠪᠠᠨ ᠳᠡᠭᠡᠭᠰᠢᠯᠡᠭᠦᠯᠬᠦ ᠶᠢ ᠬᠥᠲᠥᠯᠥᠨ ᠵᠢᠯᠤᠭᠤᠳᠴᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ ᠶᠢ ᠪᠤᠶ ᠪᠣᠯᠭᠠᠬᠤ ᠶᠢ ᠵᠣᠷᠢᠵᠠᠢ᠃      ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠲᠡᠷᠢᠭᠦᠨ ᠤ ᠬᠤᠪᠢ ᠬᠥᠮᠥᠨ᠂ ᠬᠥᠬᠡᠬᠤᠲᠠ ᠶᠢᠨ ᠠᠵᠢᠯ ᠦᠢᠯᠡᠰ ᠢᠶᠠᠨ ᠳᠡᠭᠡᠳᠦᠯᠡᠭᠰᠡᠨ ᠶᠣᠰᠣ ᠰᠤᠷᠲᠠᠬᠤᠨ ᠤ ᠵᠢᠱᠢᠶᠡᠴᠢ ᠪᠠᠶᠠᠷ᠂ ᠬᠥᠬᠡᠬᠤᠲᠠ ᠶᠢᠨ ᠪᠦᠯᠬᠦᠮᠳᠡᠯ ᠨᠥᠬᠦᠷᠯᠡᠯ ᠤᠨ ᠶᠣᠰᠣ ᠰᠤᠷᠲᠠᠬᠤᠨ ᠤ ᠵᠢᠱᠢᠶᠡᠴᠢ ᠰᠦ᠋ ᠬᠤᠢ ᠠᠴᠠ ᠤᠬᠠᠭᠤᠯᠤᠨ ᠲᠠᠶᠢᠯᠪᠤᠷᠢᠯᠠᠪᠠ᠃      ᠪᠠᠶᠠᠷ ᠪᠣᠯᠣᠨ ᠰᠦ᠋ ᠬᠤᠢ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠷᠣᠭᠵᠢᠭᠤᠨ ᠦᠭᠡ ᠬᠡᠯᠡ ᠂ ᠠᠳᠠᠯᠢ ᠪᠤᠰᠤ ᠬᠠᠷᠠᠭᠠᠰᠤ᠂ ᠠᠳᠠᠯᠢ ᠪᠤᠰᠤ ᠲᠠᠯ᠎ᠠ ᠠᠴᠠ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠴᠠᠭ ᠢᠮᠠᠭᠲᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠪᠦᠯᠬᠦᠮᠳᠡᠨ ᠨᠢᠭᠲᠠᠷᠠᠵᠤ ᠡᠶ᠎ᠡ ᠨᠠᠶᠢᠷ ᠢ ᠡᠷᠬᠢᠮᠯᠡᠭᠰᠡᠨ ᠠᠷᠭ᠎ᠠ ᠬᠢᠳᠡᠯ ᠪᠣᠯᠣᠨ ᠲᠤᠷᠰᠢᠯᠭ᠎ᠠ ᠪᠠᠨ ᠶᠠᠷᠢᠵᠠᠢ᠃      ᠶᠣᠰᠣ ᠰᠤᠷᠲᠠᠬᠤᠨ ᠤ ᠵᠢᠱᠢᠶᠡᠴᠢ ᠨᠠᠷ ᠤᠨ ᠦᠶᠯᠡ ᠠᠵᠢᠯᠯᠠᠭ᠎ᠠ ᠨᠢ ᠰᠣᠨᠣᠰᠤᠭᠴᠢᠳ ᠪᠦᠬᠦᠨ ᠢ ᠲᠤᠶᠢᠯ ᠤᠨ ᠶᠡᠭᠡ ᠪᠠᠷ ᠨᠥᠯᠥᠭᠡᠯᠡᠨ ᠵᠣᠷᠢᠭᠵᠢᠭᠤᠯᠵᠠᠢ᠃ ᠬᠤᠶᠢᠰᠢᠳᠠ ᠪᠠᠭ᠎ᠠ ᠤᠴᠢᠷ ᠠᠴᠠ ᠡᠬᠢᠯᠡᠨ ᠬᠢᠵᠦ᠂ ᠳᠡᠷᠭᠡᠳᠡᠬᠢ ᠤᠴᠢᠷ ᠠᠴᠠ ᠪᠠᠨ ᠡᠬᠢᠯᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠶᠣᠰᠣ ᠰᠤᠷᠲᠠᠬᠤᠨ ᠢ ᠪᠠᠳᠠᠷᠠᠭᠤᠯᠤᠨ᠂ ᠶᠣᠰᠣ ᠰᠤᠷᠲᠠᠬᠤᠨ ᠤ ᠬᠦᠴᠦᠨ ᠢ ᠤᠯᠠᠮᠵᠢᠯᠠᠨ ᠵᠠᠯᠭᠠᠮᠵᠢᠯᠠᠬᠤ ᠶᠢᠨ ᠬᠠᠮᠲᠤ ᠡᠳᠦᠷ ᠲᠤᠲᠤᠮ ᠤᠨ ᠠᠮᠢᠳᠤᠷᠠᠯ ᠳᠠᠭᠠᠨ ᠨᠠᠶᠢᠳᠠᠪᠤᠷᠢᠵᠢᠭᠤᠯᠤᠨ᠎ᠠ ᠭᠡᠵᠦ ᠣᠯᠠᠨ ᠢᠶᠠᠷ ᠢᠶᠠᠨ  ᠢᠯᠡᠷᠬᠡᠶᠢᠯᠡᠵᠡᠭᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ