ᠡᠷᠪᠡᠬᠡᠢ ᠶᠢᠨ ᠴᠠᠬᠢᠷᠮ᠎ᠠ ᠪᠠᠳᠠᠷᠠᠨ ᠳᠡᠯᠭᠡᠷᠡᠵᠦ ᠴᠠᠭᠠᠨ ᠰᠠᠷ᠎ᠠ ᠶᠢ ᠤᠭᠲᠤᠨ᠎ᠠ
ᠨᠡᠶᠢᠲᠡᠯᠡᠭᠰᠡᠨ ᠴᠠᠭ᠄
2022/1/21
20220121-1.jpg
      ᠴᠠᠭᠠᠨ ᠰᠠᠷ᠎ᠠ ᠣᠶᠢᠷᠠᠳᠬᠤ ᠳᠤ᠂ ᠬᠤᠲᠠ ᠶᠢᠨ ᠠᠷᠠᠳ ᠰᠣᠷᠭᠤᠭ ᠴᠡᠴᠡᠭ ᠬᠤᠳᠠᠯᠳᠤᠨ ᠠᠪᠴᠤ᠂ ᠭᠡᠷ ᠲᠡᠭᠡᠨ ᠬᠠᠪᠤᠷ ᠤᠨ ᠥᠩᠭᠡ ᠨᠡᠮᠡᠵᠦ ᠪᠠᠶᠢᠨ᠎ᠠ᠃ 1 ᠳ᠋ᠦ᠋ᠭᠡᠷ ᠰᠠᠷ᠎ᠠ ᠶᠢᠨ 20  ᠤ ᠡᠳᠦᠷ᠂ ᠰᠢᠨ᠎ᠡ ᠬᠤᠳᠠ ᠲᠣᠭᠤᠷᠢᠭ ᠤᠨ ᠲᠠᠯ᠎ᠠ ᠬᠦᠷᠢᠶᠡᠯᠡᠩ ᠲᠣᠭᠤᠷᠢᠭ ᠤᠨ ᠬᠤᠸᠠᠷ ᠴᠡᠴᠡᠭ ᠲᠠᠷᠢᠬᠤ ᠰᠠᠭᠤᠷᠢᠨ ᠤ ᠬᠤᠸᠠᠷ ᠴᠡᠴᠡᠭ ᠤᠨ ᠬᠦᠯᠡᠮᠵᠢ ᠳᠤ᠂ ᠠᠵᠢᠯᠴᠢᠳ ᠡᠷᠪᠡᠬᠡᠢ ᠶᠢᠨ ᠴᠠᠬᠢᠷᠮ᠎ᠠ ᠪᠠᠨ ᠲᠡᠭᠰᠢᠯᠡᠨ ᠫᠧᠩᠰᠡᠨ ᠳᠤ ᠬᠠᠳᠬᠤᠵᠤ᠂ ᠭᠠᠳᠠᠭᠰᠢ  ᠵᠦᠭᠡᠭᠡᠪᠦᠷᠢᠯᠡᠨ᠂ ᠪᠠᠶᠠᠷ ᠤᠨ ᠡᠳᠦᠷ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠬᠤ ᠪᠠᠷ ᠶᠠᠭᠠᠷᠠᠯᠳᠤᠵᠤ  ᠪᠠᠶᠢᠯ᠎ᠠ᠃ ᠣᠶᠢᠯᠠᠭᠠᠭᠰᠠᠨ ᠢᠶᠠᠷ᠂ ᠠᠳᠡᠬᠢ ᠰᠣᠷᠭᠤᠭ ᠴᠡᠴᠡᠭ ᠨᠢ ᠣᠷᠣᠨ ᠤ ᠲᠥᠪ ᠬᠤᠲᠠ ᠶᠢᠨ ᠵᠠᠬ᠎ᠠ ᠳᠡᠯᠭᠡᠭᠦᠷ ᠢ ᠬᠠᠩᠭᠠᠬᠤ ᠠᠴᠠ ᠭᠠᠳᠠᠨ᠎ᠠ ᠪᠠᠰᠠ ᠪᠡᠭᠡᠵᠢᠩ᠂ ᠲᠢᠶᠠᠨᠵᠢᠨ᠂ ᠱᠠᠩᠬᠠᠢ᠂ ᠭᠤᠸᠠᠩᠵᠧᠦ᠂ ᠵᠢᠶᠠᠩᠰᠤ ᠵᠧᠵᠢᠶᠠᠩ ᠵᠡᠷᠭᠡ ᠭᠠᠵᠠᠷ ᠲᠤ ᠪᠣᠷᠣᠯᠠᠭᠤᠯᠵᠤ ᠪᠠᠶᠢᠨ᠎ᠠ᠃ ᠵᠢᠷᠤᠭ ᠪᠣᠯ ᠠᠵᠢᠯᠴᠢᠳ ᠡᠷᠪᠡᠬᠡᠢ ᠶᠢᠨ ᠴᠠᠬᠢᠷᠮ᠎ᠠ ᠶᠢ ᠵᠠᠰᠠᠵᠤ ᠪᠠᠶᠢᠭ᠎ᠠ ᠨᠢ᠃ ᠰᠤᠷᠪᠤᠯᠵᠢᠯᠠᠭᠴᠢ ᠯᠢᠦ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ