ᠬᠥᠬᠡᠬᠤᠲᠠ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠥᠪᠡᠰᠦᠪᠡᠨ ᠳᠠᠩᠰᠠᠯᠠᠬᠤ ᠦᠢᠯᠡᠴᠢᠯᠡᠭᠡ ᠭᠠᠷᠭᠠᠪᠠ
ᠨᠡᠶᠢᠲᠡᠯᠡᠭᠰᠡᠨ ᠴᠠᠭ᠄
2022/1/24
      ︵ᠰᠤᠷᠪᠤᠯᠵᠢᠯᠠᠭᠴᠢ ᠪᠤᠤ ᠢᠤᠢ ᠶᠢᠩ︶ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠪᠦᠷᠢᠳᠭᠡᠨ ᠳᠠᠩᠰᠠᠯᠠᠬᠤ ᠦᠢᠯᠡᠴᠢᠯᠡᠭᠡ ᠶᠢ ᠴᠢᠨᠠᠭᠰᠢᠲᠠ ᠰᠢᠯᠢᠳᠡᠭᠵᠢᠭᠦᠯᠬᠦ ᠶᠢᠨ ᠲᠥᠯᠥᠭᠡ᠂ ︽ᠭᠡᠷᠡᠴᠢᠯᠡᠬᠦ ᠮᠠᠲ᠋ᠧᠷᠢᠶᠠᠯ ᠬᠡᠷᠡᠭᠯᠡᠬᠦ ᠦᠭᠡᠢ᠂ ᠭᠦᠢᠴᠡᠳᠬᠡᠬᠦ ᠶᠢ ᠬᠢᠨᠠᠨ ᠬᠠᠷᠭᠤᠭᠤᠯᠬᠤ᠂ ᠴᠠᠭ ᠲᠤᠬᠠᠶ ᠲᠤ ᠨᠢ ᠨᠡᠪᠲᠡᠷᠡᠭᠦᠯᠬᠦ᠂ ᠴᠠᠭ ᠲᠤᠬᠠᠶ ᠲᠤᠨᠢ ᠭᠥᠷᠳᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠥᠪᠡᠰᠦᠪᠡᠨ ᠳᠠᠩᠰᠠᠯᠠᠬᠤ ᠦᠢᠯᠡᠴᠢᠯᠡᠭᠡ ᠭᠠᠷᠭᠠᠬᠤ ᠲᠤᠬᠠᠶ ᠮᠡᠳᠡᠭᠳᠡᠯ︾ ᠶᠣᠰᠣᠭᠠᠷ᠂ ᠬᠦᠬᠡᠬᠤᠲᠠ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠶᠢ ᠥᠪᠡᠰᠦᠪᠡᠨ ᠳᠠᠩᠰᠠᠯᠠᠬᠤ ᠦᠢᠯᠡᠴᠢᠯᠡᠭᠡ ᠶᠢ ᠬᠡᠷᠡᠭᠵᠢᠭᠦᠯᠵᠡᠢ᠃      ᠣᠶᠢᠯᠠᠭᠠᠭᠰᠠᠨ ᠢᠶᠠᠷ᠂ ᠤᠨᠳᠤᠤ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠳᠠᠷᠬᠠᠯᠠᠬᠳᠠᠬᠰᠠᠨ᠂ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ᠂ ᠤᠨᠳᠤᠤ ᠭᠠᠵᠠᠷ ᠲᠤ ᠪᠠᠶᠢᠩᠭᠤ ᠰᠠᠭᠤᠵᠤ ᠪᠠᠶᠢᠭ᠎ᠠ ᠠᠵᠢᠯᠲᠠᠨ ᠢ ︽ᠮᠤᠵᠢ ᠠᠯᠤᠰᠯᠠᠨ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭ᠎ᠠ ᠬᠥᠮᠦᠰ︾ ᠭᠡᠵᠦ ᠨᠢᠭᠡᠳᠦᠯᠲᠡᠶ ᠲᠤᠬᠢᠷᠠᠭᠤᠯᠤᠨ ᠳᠥᠭᠦᠮᠴᠢᠯᠡᠪᠠ᠃ ᠤᠨᠳᠤᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠦᠰ᠂ ᠥᠪᠡᠰᠦᠪᠡᠨ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ ᠵᠢᠴᠢ ᠠᠵᠢᠯ᠂ ᠵᠢᠭᠤᠯᠴᠢᠯᠠᠯ ᠵᠡᠷᠭᠡ ᠰᠢᠯᠲᠠᠭᠠᠨ ᠠᠴᠠ ᠪᠣᠯᠵᠣ ᠪᠠᠴᠢᠮ ᠬᠡᠷᠡᠭᠴᠡᠭᠡ ᠲᠠᠢ ᠡᠮᠨᠡᠭᠦᠯᠦᠭᠰᠡᠨ ᠬᠥᠮᠦᠰ ᠢ ︽ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ︾ ᠭᠡᠵᠦ ᠨᠢᠭᠡᠳᠦᠯᠲᠡᠶ ᠲᠤᠬᠢᠷᠠᠭᠤᠯᠤᠨ ᠳᠥᠭᠦᠮᠴᠢᠯᠠᠪᠠ᠃ ᠮᠤᠵᠢ ᠠᠯᠤᠰᠯᠠᠨ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠬᠥᠮᠦᠰ ᠪᠠ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠬᠥᠮᠦᠰ ᠴᠥᠮ ᠮᠤᠵᠢ ᠠᠯᠤᠰᠯᠠᠨ ᠤᠨᠳᠤᠤ ᠭᠠᠵᠠᠷ ᠲᠤ ᠡᠪᠡᠳᠴᠢᠨ ᠦᠵᠡᠭᠦᠯᠬᠦ ᠥᠪᠡᠰᠦᠪᠡᠨ ᠦᠢᠯᠡᠴᠢᠯᠡᠬᠦ ᠳᠡᠩᠰᠡᠯᠡᠯᠲᠡ ᠬᠢᠵᠦ ᠪᠣᠯᠣᠨ᠎ᠠ᠃       ᠥᠪᠡᠷᠲᠡᠭᠡᠨ ᠳᠠᠩᠰᠠᠯᠠᠭᠤᠯᠤᠨ ᠭᠦᠢᠴᠡᠳᠬᠡᠬᠦ ᠶᠠᠪᠤᠴᠠ ᠨᠢ ᠳᠤᠤᠷᠠᠬᠢ ᠮᠡᠲᠦ᠄ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ︾ APP ᠶᠢ ᠪᠠᠭᠤᠯᠭᠠᠨ ᠠᠪᠴᠤ ᠤᠭᠰᠠᠷᠠᠨ᠂ ᠦᠨᠡᠨ ᠨᠡᠷ᠎ᠡ ᠪᠠᠷ ᠳᠠᠩᠰᠠᠯᠠᠭᠤᠯᠤᠨ ᠲᠡᠮᠳᠡᠭᠯᠡᠭᠦᠯᠵᠦ᠂ ︽ᠤᠨᠳᠤᠤ ᠭᠠᠵᠠᠷ ᠲᠤ ᠳᠠᠩᠰᠠᠯᠠᠭᠤᠯᠬᠤ︾ ᠶᠢ ᠰᠣᠩᠭᠤᠵᠤ᠂ ︽ᠤᠨᠳᠤᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠭᠤᠶᠤᠴᠢᠯᠠᠯ︾ ᠢ ᠲᠣᠪᠴᠢᠳᠠᠨ᠎ᠠ︔ ᠳᠠᠭᠠᠳᠬᠠᠯ ᠳᠤ ᠣᠷᠣᠯᠴᠠᠭᠰᠠᠨ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︾ ᠢ ᠰᠣᠩᠭᠤᠵᠤ᠂ ᠪᠣᠳᠠᠲᠠᠶ ᠪᠠᠶᠢᠳᠠᠯ ᠢᠶᠠᠨ ᠦᠨᠳᠦᠰᠦᠯᠡᠨ ᠡᠮᠨᠡᠭᠦᠯᠬᠦ ᠭᠠᠵᠠᠷ᠂ ᠳᠠᠭᠠᠳᠬᠠᠯ ᠳᠤ ᠣᠷᠣᠯᠴᠠᠬᠤ ᠲᠥᠷᠥᠯ ᠵᠦᠢᠯ ᠵᠢᠴᠢ ᠪᠦᠷᠢᠳᠭᠡᠨ ᠳᠠᠩᠰᠠᠯᠠᠭᠤᠯᠬᠤ ᠲᠥᠷᠥᠯ ᠵᠦᠢᠯ ᠢ ᠰᠣᠩᠭᠤᠵᠤ᠂ ᠦᠨᠡᠨ ᠪᠣᠳᠠᠲᠠᠶ ᠪᠠᠷ ᠲᠠᠭᠯᠠᠭᠰᠠᠨ ᠤ ᠳᠠᠷᠠᠭ᠎ᠠ ︽ᠡᠬᠢᠯᠡᠨ ᠪᠦᠷᠢᠳᠬᠡᠨ ᠳᠠᠩᠰᠠᠯᠠᠭᠤᠯᠬᠤ︾ ᠶᠢ ᠲᠣᠪᠴᠢᠳᠠᠨ᠎ᠠ︔ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠲᠠᠭᠯᠠᠨ ᠪᠢᠴᠢᠵᠦ᠂ ︽ᠬᠤᠪᠢ ᠬᠥᠮᠦᠨ ᠤ ᠠᠮᠠᠯᠠᠯᠲᠠ ᠶᠢᠨ ᠪᠢᠴᠢᠭ︾ ᠤᠨ ᠠᠭᠤᠯᠭ᠎ᠠ ᠶᠢ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠬᠠᠷᠭᠤᠭᠤᠯᠵᠤ᠂ ︽ᠡᠬᠢᠯᠡᠨ ᠭᠠᠷ  ᠤᠨ ᠦᠰᠦᠭ ᠵᠢᠷᠤᠬᠤ︾  ᠢ ᠲᠣᠪᠴᠢᠳᠠᠨ ᠨᠤᠲᠠᠯᠠᠵᠤ᠂ ︽ᠬᠠᠳᠠᠭᠠᠯᠠᠬᠤ ᠶᠢᠨ ᠬᠠᠮᠲᠤ ᠲᠤᠰᠢᠶᠠᠬᠤ︾ ᠶᠢ ᠲᠣᠪᠴᠢᠳᠠᠵᠤ᠂ ︽ᠲᠤᠰᠢᠶᠠᠵᠤ ᠳᠠᠩᠰᠠᠯᠠᠭᠤᠯᠬᠤ︾ ᠶᠢ ᠳᠠᠬᠢᠨᠲᠠ ᠲᠣᠪᠴᠢᠳᠠᠵᠤ᠂ ︽ᠦᠢᠯᠡᠴᠢᠯᠡᠭᠡ ᠨᠡᠪᠲᠡᠷᠡᠭᠡᠳ ᠠᠮᠵᠢᠯᠲᠠ ᠣᠯᠣᠭᠰᠠᠨ︾ ᠢ ᠰᠠᠨᠠᠭᠤᠯᠪᠠᠯ ᠪᠣᠯᠴᠢᠬᠠᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ