︵ᠰᠤᠷᠪᠤᠯᠵᠢᠯᠠᠭᠴᠢ ᠮᠢᠶᠣᠣ ᠰᠢᠨ︶ 2021 ᠣᠨ ᠤ 12 ᠳ᠋ᠤᠭᠠᠷ ᠰᠠᠷ᠎ᠠ ᠶᠢᠨ 31 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠦᠬᠦ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶᠠᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠪᠣᠯᠤᠨ ᠲᠤᠰᠬᠠᠢ | ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠲᠠ ᠶᠢᠨ ᠨᠠᠮ ᠤᠨ | ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠼᠤᠤ ᠰᠧ ᠶᠠᠩ ᠬᠤᠷᠠᠯ ᠢ | ᠡᠷᠬᠢᠯᠡᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠢᠤᠢ ᠱᠸᠤ ᠵᠢᠶ ᠬᠤᠷᠠᠯ ᠳᠤ ᠣᠷᠣᠯᠴᠠᠵᠠᠶ᠃ | ᠼᠤᠤ ᠰᠧ ᠶᠠᠩ ᠬᠡᠯᠡᠬᠦ ᠳᠡᠭᠡᠨ᠂ ᠬᠤᠳᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠤᠳᠤᠷᠢᠳᠬᠤ ᠳᠤᠭᠤᠶᠢᠯᠠᠩ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ︶᠂ ᠡᠯ᠎ᠡ ᠭᠡᠰᠢᠭᠦᠨ ᠨᠢᠭᠡᠴᠡ ᠬᠠᠷᠢᠭᠤᠴᠠᠯᠭ᠎ᠠ ᠪᠠᠨ ᠦᠨᠡᠨᠬᠦ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠪᠠᠨ | ᠲᠠᠨᠢᠵᠤ ᠠᠪᠴᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠨᠡᠩ ᠰᠠᠶᠢᠨ ᠨᠡᠩ ᠪᠣᠳᠠᠲᠠᠢ ᠬᠢᠬᠦ ᠬᠡᠷᠡᠭᠲᠡᠢ ᠭᠡᠵᠡᠢ᠃ | ᠼᠤᠤ ᠰᠧ ᠶᠠᠩ ᠱᠠᠭᠠᠷᠳᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠲᠠᠭᠳᠠᠯ | ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠰᠦᠯ ᠢᠶᠠᠨ ᠲᠡᠭᠦᠯᠳᠡᠷᠵᠢᠭᠦᠯᠵᠦ᠂ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠠᠰᠠᠭᠤᠳᠠᠯ ᠢ | ᠪᠦᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠳᠤᠲᠠᠭᠤᠳᠠᠯ ᠢᠶᠠᠨ ᠦᠨᠡᠨᠬᠦ ᠨᠥᠬᠦᠪᠥᠷᠢᠯᠡᠬᠦ ᠬᠡᠷᠡᠭᠲᠡᠢ᠃ ᠤᠷᠢᠳᠴᠢᠯᠠᠨ ᠲᠥᠯᠥᠪᠵᠢᠭᠦᠯᠦᠨ | ᠪᠠᠶᠢᠷᠢᠯᠠᠭᠤᠯᠵᠤ᠂ ᠠᠵᠢᠯ ᠤᠨ ᠲᠣᠬᠢᠶᠠᠯ ᠢ ᠠᠮᠵᠢᠵᠤ᠂ ᠬᠠᠪᠤᠷ ᠤᠨ ᠤᠯᠠᠷᠢᠯ ᠳᠤ ᠮᠠᠨ ᠤ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠡᠯ᠎ᠡ ᠲᠦᠷᠦᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠪᠣᠳᠠᠲᠠᠢ ᠠᠬᠢᠭᠤᠯᠬᠤ ᠱᠠᠲᠤᠨ ᠳᠤ ᠲᠦᠷᠭᠡᠨ ᠣᠷᠣᠭᠤᠯᠵᠤ᠂ ᠣᠷᠣᠨ ᠤ ᠲᠥᠪ ᠬᠤᠲᠠ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ | ᠭᠡᠵᠡᠢ᠃ | ᠬᠤᠷᠠᠯ ᠠᠴᠠ ᠪᠠᠰᠠ ︽ᠬᠥᠬᠡᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠬᠠᠢ ᠤᠯᠤᠰ ᠵᠢᠴᠢ ᠥᠪᠡᠷᠲᠡᠭᠡᠨ ᠵᠠᠰᠠᠬᠤ | ᠣᠷᠣᠨ ᠤ ᠰᠢᠮᠳᠠᠭᠤᠯᠤᠨ ᠪᠠᠶᠢᠴᠠᠭᠠᠵᠤ᠂ ᠳᠠᠯᠳᠠᠭᠤᠷ ᠰᠤᠷᠪᠤᠯᠵᠢᠯᠠᠵᠤ᠂ ᠪᠠᠶᠢᠴᠠᠭᠠᠨ ᠰᠤᠳᠤᠯᠤᠯᠲᠠ ᠬᠢᠵᠦ ᠵᠢᠭᠠᠵᠤ ᠭᠠᠷᠭᠠᠭᠰᠠᠨ ᠠᠰᠠᠭᠤᠳᠠᠯ ᠢ | ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ |