︽ᠠᠷᠠᠳ ᠲᠦᠮᠡᠨ ᠤ ᠤᠯᠠᠭᠠᠨ︾ ᠨᠡᠷᠡᠮᠵᠢᠲᠦ ᠭᠤᠤᠯ ᠰᠡᠳᠦᠪᠲᠦ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠣᠯᠠᠨ ᠲᠠᠢ ᠵᠣᠯᠭᠠᠯ᠎ᠠ
ᠨᠡᠶᠢᠲᠡᠯᠡᠭᠰᠡᠨ ᠴᠠᠭ᠄
2022/1/4
20220104.jpg
      ᠣᠶᠢᠷ᠎ᠠ ᠳᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠺᠣᠮᠫᠠᠨᠢ ᠠᠴᠠ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ ᠲᠠᠢ ᠬᠠᠮᠲᠤᠷᠠᠨ᠂ ᠠᠶᠠᠨᠴᠢᠳ ᠤᠨ ᠲᠤᠭ᠎ᠠ ᠬᠡᠮᠵᠢᠶ᠎ᠡ ᠨᠡᠯᠢᠶᠡᠳ ᠶᠡᠭᠡ᠂ ᠬᠤᠲᠠ ᠶᠢᠨ ᠲᠣᠭᠤᠷᠢᠭ ᠤᠨ ᠭᠤᠤᠯ ᠵᠠᠮ ᠢᠶᠠᠷ ᠥᠩᠭᠡᠷᠡᠬᠦ ᠭᠤᠷᠪᠠᠳᠤᠭᠠᠷ ᠺᠣᠮᠫᠠᠨᠢ ᠶᠢᠨ 5 ᠳ᠋ᠤᠭᠠᠷ ᠵᠠᠮ᠂ ᠲᠠᠪᠤᠳᠤᠭᠠᠷ ᠺᠣᠮᠫᠠᠨᠢ ᠶᠢᠨ 84 ᠳ᠋ᠦ᠋ᠭᠡᠷ ᠵᠠᠮ᠂ ᠳᠣᠯᠣᠳᠤᠭᠠᠷ ᠺᠣᠮᠫᠠᠨᠢ ᠶᠢᠨ 3 ᠳ᠋ᠤᠭᠠᠷ ᠵᠠᠮ ᠪᠠ K6 ᠳ᠋ᠤᠭᠠᠷ ᠵᠠᠮ ᠤᠨ 4 ᠱᠤᠭᠤᠮ ᠤᠨ 25 ᠨᠡᠶᠢᠲᠡ ᠶᠢᠨ ᠮᠠᠰᠢᠨ ᠲᠡᠷᠭᠡ ᠶᠢ ᠰᠣᠩᠭᠤᠵᠤ᠂  ︽ᠠᠷᠠᠳ ᠲᠦᠮᠡᠨ ᠤ ᠤᠯᠠᠭᠠᠨ︾ ᠨᠡᠷᠡᠮᠵᠢᠲᠦ ᠭᠤᠤᠯ ᠰᠡᠳᠦᠪᠲᠦ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠪᠣᠯᠭᠠᠪᠠ᠃       ᠮᠥᠷ ᠮᠥᠷ ᠤᠯᠠᠭᠠᠨ ᠦᠩᠭᠡ ᠶᠢᠨ ᠭᠠᠷ ᠲᠠᠲᠠᠭᠤᠷ᠂ ᠬᠡᠰᠡᠭ ᠬᠡᠰᠡᠭ ᠤᠯᠠᠭᠠᠨ ᠦᠩᠭᠡ ᠶᠢᠨ ᠵᠠᠷᠯᠠᠯ ᠲᠡᠷᠭᠡᠨ ᠲᠠᠰᠤᠯᠭ᠎ᠠ ᠳᠤ ᠳᠡᠯᠭᠡᠭᠳᠡᠵᠡᠢ᠃ ᠡᠯ᠎ᠡ ᠲᠤᠰᠬᠠᠶ ᠱᠤᠭᠤᠮ ᠤᠨ ᠭᠤᠤᠯ ᠰᠡᠳᠦᠪ ᠨᠢ ᠢᠯᠡ ᠲᠣᠳᠣ᠂ ᠦᠵᠡᠭᠦᠯᠦᠯᠭᠡ ᠶᠢᠨ ᠠᠭᠤᠯᠭ᠎ᠠ ᠨᠢ ᠪᠠᠶᠠᠯᠢᠭ ᠪᠠᠶᠢᠵᠤ᠂ 3 ᠳ᠋ᠤᠭᠠᠷ ᠵᠠᠮ ᠪᠣᠯᠤᠨ K6 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠶᠢᠨ ᠢᠯᠡᠳᠬᠡᠭᠰᠡᠨ ᠭᠤᠤᠯ ᠰᠡᠳᠦᠪ ᠨᠢ ︽ᠨᠡᠷ᠎ᠡ ᠴᠤᠤᠲᠤ ᠬᠥᠮᠥᠰ︾︔ 5 ᠳ᠋ᠤᠭᠠᠷ ᠵᠠᠮ ᠪᠣᠯᠤᠨ 84 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ ᠢᠯᠡᠳᠬᠡᠭᠰᠡᠨ ᠭᠤᠤᠯ ᠰᠡᠳᠦᠪ ᠨᠢ ︽ᠬᠤᠪᠢᠰᠬᠠᠯ ᠤᠨ ᠳᠤᠷᠠᠳᠬᠠᠯ ᠤᠨ ᠰᠦᠯᠵᠢᠶᠡᠨ ᠳᠡᠭᠡᠷᠡᠬᠢ ᠦᠵᠡᠰᠬᠦᠯᠡᠩ ᠤᠨ ᠣᠷᠳᠣᠨ︾᠂ ᠳᠣᠤᠷ᠎ᠠ ᠨᠢ ︽ᠬᠤᠶᠠᠷ ᠪᠥᠮᠪᠦᠭᠡ ᠨᠢᠭᠡ ᠣᠳᠣᠨ︾ ︽ᠪᠠᠭᠠᠳᠤᠷᠴᠤᠳ︾ ︽ᠰᠣᠶᠣᠯ ᠤᠨ ᠠᠪᠤᠷᠭᠤ ᠳᠠᠷᠬᠠᠨ︾ ︽ᠠᠷᠠᠳ ᠲᠦᠮᠡᠨ ᠳᠤ ᠦᠢᠯᠡᠴᠢᠯᠡᠶ᠎ᠡ︾ ᠵᠡᠷᠭᠡ 6 ᠶᠡᠭᠡ ᠲᠥᠷᠥᠯ ᠤᠨ ᠵᠠᠷᠯᠠᠯ ᠭᠠᠷᠭᠠᠵᠠᠶ᠃ ᠲᠡᠷᠭᠡᠨ ᠲᠠᠰᠤᠯᠭ᠎ᠠ ᠶᠢᠨ ᠵᠠᠷᠯᠠᠯ ᠳᠡᠭᠡᠷᠡᠬᠢ ᠮᠡᠷᠭᠡᠨ ᠴᠣᠬᠤᠷ ᠢ ᠰᠢᠷᠪᠢᠨ ᠠᠷᠠᠳ ᠤᠨ ᠰᠦᠯᠵᠢᠶ᠎ᠡ ᠶᠢᠨ ᠰᠦᠯᠵᠢᠶᠡᠨ ᠳᠡᠭᠡᠷᠡᠬᠢ ᠦᠵᠡᠰᠬᠦᠯᠡᠩ ᠤᠨ ᠣᠷᠳᠣᠨ ᠤ ᠲᠤᠬᠠᠶ ᠬᠤᠯᠪᠣᠭᠳᠠᠯ ᠪᠥᠬᠦᠶ ᠮᠡᠳᠡᠭᠡᠯᠡᠯ ᠵᠢᠴᠢ ︽ᠨᠡᠷ᠎ᠡ ᠴᠤᠤᠲᠤ ᠬᠥᠮᠥᠰ︾ ᠤᠨ ᠲᠡᠷᠢᠭᠦᠨ ᠤ ᠦᠢᠯᠡ ᠠᠵᠢᠯᠯᠠᠭ᠎ᠠ ᠶᠢ ᠦᠵᠡᠵᠦ ᠪᠣᠯᠤᠨ᠎ᠠ᠃ ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ