ᠰᠢᠩ ᠯᠦᠩ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠴᠢᠯᠡᠭᠡᠨ ᠤ ᠬᠤᠯᠪᠣᠭ᠎ᠠ 
ᠨᠡᠶᠢᠲᠡᠯᠡᠭᠰᠡᠨ ᠴᠠᠭ᠄
2022/1/5
20220105.jpg
      ᠣᠶᠢᠷ᠎ᠠ ᠳᠤ᠂ ᠰᠢᠩ ᠯᠦᠩ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠤᠯᠪᠣᠭ᠎ᠠ ᠶᠢᠨ ᠬᠡᠯᠡᠯᠴᠡᠭᠡᠷ ᠲᠣᠭᠲᠠᠵᠤ᠂ ᠨᠠᠷᠠᠲᠤ ᠲᠤᠰᠬᠠᠶ ᠮᠡᠷᠭᠡᠵᠢᠯᠲᠡᠨ ᠡᠮᠴᠢ ᠶᠢ ᠰᠣᠩᠭᠤᠨ ᠲᠣᠮᠢᠯᠠᠵᠤ ᠡᠮᠴᠢᠯᠡᠭᠡ᠂ ᠰᠤᠷᠭᠠᠨ ᠬᠥᠮᠦᠵᠢᠯ᠂ ᠰᠤᠳᠤᠯᠭᠠᠨ ᠤ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠰᠠᠶᠢᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠡᠮᠨᠡᠭᠦᠯᠬᠦ ᠪᠠᠷ ᠢᠷᠡᠭᠰᠡᠨ ᠰᠠᠭᠤᠭᠠᠯᠢ ᠠᠷᠠᠳ᠂ ᠭᠡᠷ ᠤᠨ ᠡᠭᠦᠳᠡᠨ ᠳᠡᠭᠡᠷ᠎ᠡ ᠪᠠᠨ ᠭᠤᠷᠪᠠᠳᠤᠭᠠᠷ ᠳᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶᠠᠨ ᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠶᠢ ᠭᠥᠷᠳᠡᠵᠦ ᠳᠡᠶᠢᠯᠬᠦ ᠪᠣᠯᠣᠯ᠎ᠠ᠂ ᠦᠨᠡᠬᠡᠷ ᠰᠠᠶᠢᠨ ᠪᠠᠶᠢᠨ᠎ᠠ︕ ᠭᠡᠵᠡᠭᠡᠵᠦ ᠪᠠᠶᠢᠯ᠎ᠠ᠃᡽ᠰᠤᠷᠪᠤᠯᠵᠢᠯᠠᠭᠴᠢ ᠴᠡᠪᠡᠷᠬᠠᠰ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ