2022 ᠣᠨ ᠳᠤ ᠪᠢᠳᠠ ᠬᠠᠮᠲᠤ ᠪᠠᠷ ᠴᠢᠷᠮᠠᠶᠢᠶ᠎ᠠ︕
ᠨᠡᠶᠢᠲᠡᠯᠡᠭᠰᠡᠨ ᠴᠠᠭ᠄
2022/1/7
      ᠰᠢᠨ᠎ᠡ ᠣᠨ ᠤ ᠡᠬᠢᠨ ᠳᠤ᠂ ᠰᠤᠷᠪᠤᠯᠵᠢᠯᠠᠭᠴᠢ ᠠᠵᠤ ᠠᠬᠤᠶᠢᠯᠠᠯ ᠳᠤ ᠬᠦᠷᠴᠦ᠂ ᠠᠯᠪᠠᠨ ᠪᠠᠶᠢᠭᠤᠯᠤᠯᠭ᠎ᠠ ᠳᠤ ᠣᠴᠢᠵᠤ᠂ ᠵᠡᠭᠡᠯᠢ ᠭᠤᠳᠤᠮᠵᠢ ᠪᠠᠷ ᠰᠤᠷᠪᠤᠯᠵᠢᠯᠠᠵᠤ ᠶᠠᠪᠤᠯ᠎ᠠ ᠁ ᠬᠦᠷᠦᠭᠰᠡᠨ ᠭᠠᠵᠠᠷ ᠪᠣᠯᠭᠠᠨ ᠳᠤ ᠴᠥᠮ ᠥᠭᠡᠳᠡᠯᠡᠨ  ᠳᠠᠪᠰᠢᠵᠤ ᠪᠠᠶᠢᠭ᠎ᠠ ᠪᠠᠶᠢᠳᠠᠯ ᠬᠠᠷᠠᠭᠳᠠᠵᠤ᠂ ᠮᠠᠨ ᠤ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠭᠢᠯᠤᠮ᠎ᠠ ᠬᠠᠯᠠᠭᠤᠨ ᠰᠡᠳᠬᠢᠯᠭᠡ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠰᠢᠨ᠎ᠡ ᠨᠢᠭᠡᠨ ᠣᠨ ᠤ ᠶᠠᠭᠠᠷᠠᠯᠲᠠᠢ ᠠᠵᠢᠯ ᠳᠠᠭᠠᠨ ᠭᠠᠪᠰᠢᠭᠠᠶᠢᠯᠠᠨ᠎ᠠ᠃ ᠢᠲᠡᠭᠡᠯ ᠪᠢᠰᠢᠷᠡᠯ ᠲᠠᠢ ᠪᠣᠯ ᠤᠷᠤᠭᠰᠢᠯᠠᠬᠤ ᠬᠦᠴᠦᠨ ᠲᠠᠢ᠃ 2022 ᠣᠨ ᠳᠤ᠂ ᠪᠢᠳᠡᠨ ᠤ ᠶᠠᠪᠤᠬᠤ ᠵᠠᠮ ᠬᠤᠯᠠ ᠪᠠᠶᠢᠭᠰᠠᠭᠠᠷ᠂ ᠲᠤᠭ᠎ᠠ ᠲᠣᠮᠰᠢ ᠦᠭᠡᠢ ᠬᠦᠰᠡᠯ ᠮᠥᠷᠥᠭᠡᠳᠦᠯ ᠢᠶᠠᠨ ᠬᠥᠭᠡᠭᠡᠴᠡᠯᠳᠦᠭᠰᠡᠨ ᠬᠥᠮᠦᠰ ᠦᠷᠭᠦᠯᠵᠢᠯᠡᠨ ᠡᠷ᠎ᠡ ᠵᠣᠷᠢᠭ ᠡᠷᠴᠢ ᠬᠦᠴᠦᠨ ᠢᠶᠠᠨ ᠪᠠᠷᠢᠮᠲᠠᠯᠠᠵᠤ᠂ ᠲᠤᠭ᠎ᠠ ᠲᠣᠮᠰᠢ ᠦᠭᠡᠢ ᠡᠭᠡᠯ ᠵᠢᠷ ᠤᠨ ᠪᠠᠭᠠᠲᠤᠷᠴᠤᠳ  ᠮᠦᠨ ᠯᠠ ᠴᠢᠷᠮᠠᠶᠢᠨ ᠲᠡᠮᠡᠴᠡᠵᠦ ᠬᠤᠪᠢ ᠨᠡᠮᠡᠷᠢ ᠪᠠᠨ ᠦᠵᠡᠭᠦᠯᠦᠭᠰᠡᠭᠡᠷ ᠪᠠᠶᠢᠨ᠎ᠠ᠃ ᠰᠢᠨ᠎ᠡ ᠨᠢᠭᠡᠨ ᠣᠨ ᠳᠤ᠂ ᠴᠢ ᠪᠢᠳᠡ ᠬᠠᠮᠲᠤ ᠳᠠᠭᠠᠨ ᠴᠢᠷᠮᠠᠶᠢᠵᠠᠭᠠᠶ᠎ᠠ᠃
微信图片_20220107165005000000.jpg
20220107-4.jpg
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ