ᠠᠶᠤᠯᠭᠦᠢ ᠶᠢ ᠰᠡᠳᠬᠢᠯ ᠳᠡᠭᠡᠨ ᠪᠣᠳᠣᠵᠤ ᠡᠪᠦᠯ ᠤᠨ ᠠᠮᠠᠷᠠᠯᠲᠠ ᠪᠠᠨ ᠪᠠᠶᠠᠷ ᠬᠥᠷ ᠲᠠᠢ ᠥᠩᠭᠡᠷᠡᠭᠦᠯᠦᠶ᠎ᠡ
ᠨᠡᠶᠢᠲᠡᠯᠡᠭᠰᠡᠨ ᠴᠠᠭ᠄
2022/1/7
20220107.jpg
       ᠡᠪᠦᠯ ᠤᠨ ᠠᠮᠠᠷᠠᠯᠲᠠ ᠬᠦᠷᠴᠦ ᠢᠷᠡᠬᠦ ᠳᠤ᠂ ᠢᠦᠢ ᠴᠢᠤᠸᠠᠨ ᠲᠣᠭᠤᠷᠢᠭ ᠤᠨ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠠᠴᠠ ᠢᠦᠢ ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠲᠠᠢ ᠬᠠᠮᠲᠤᠷᠠᠨ ︽ᠠᠶᠤᠯᠭᠦᠢ ᠶᠢ ᠰᠡᠳᠬᠢᠯ ᠳᠡᠭᠡᠨ ᠪᠣᠳᠣᠵᠤ ᠡᠪᠦᠯ ᠤᠨ ᠠᠮᠠᠷᠠᠯᠲᠠ ᠪᠠᠨ ᠪᠠᠶᠠᠷ ᠬᠥᠷ ᠲᠠᠢ ᠥᠩᠭᠡᠷᠡᠭᠦᠯᠦᠶ᠎ᠡ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃ ᠮᠡᠳᠡᠯᠭᠡ ᠶᠢᠨ ᠰᠠᠮᠪᠠᠷ᠎ᠠ᠂ ᠪᠣᠳᠠᠲᠤ ᠪᠣᠳᠠᠰ᠂ ᠲᠣᠭᠯᠠᠭᠠᠮ ᠢᠶᠠᠷ ᠬᠠᠷᠢᠯᠴᠠᠨ ᠦᠢᠯᠡᠳᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠲᠤ ᠵᠠᠮ ᠬᠠᠷᠢᠯᠴᠠᠭᠠᠨ ᠤ ᠠᠶᠤᠯᠭᠦᠢ᠂ ᠬᠢᠵᠢᠭ ᠢ ᠰᠡᠷᠭᠡᠶᠢᠯᠡᠬᠦ᠂ ᠴᠠᠬᠢᠯᠭᠠᠨ ᠢ ᠠᠶᠤᠯᠭᠦᠢ ᠬᠡᠷᠡᠭᠯᠡᠬᠦ ᠵᠡᠷᠭᠡ ᠲᠠᠯ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠰᠤᠷᠤᠭᠴᠢᠳ ᠤᠨ ᠠᠶᠤᠯᠭᠦᠢ ᠶᠢᠨ ᠦᠵᠡᠯ ᠤᠬᠠᠮᠰᠠᠷ ᠢ ᠴᠢᠩᠭᠠᠳᠬᠠᠨ᠂ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠪᠡ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ