ᠼᠤᠤ ᠰᠢᠤᠸᠠᠢ ᠲᠤᠤ ᠪᠣᠣ ᠭᠠᠩ ᠪᠦᠦ ᠰᠢᠶᠠᠨ ᠬᠤᠸᠠ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ | ︵ᠰᠤᠷᠪᠤᠯᠵᠢᠯᠠᠭᠴᠢ ᠶᠦᠨ ᠵᠢᠩ᠂ ᠯᠢ ᠬᠠᠢ ᠵᠧᠨ︶ 10 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯ ᠤᠨ ᠳᠤᠭᠤᠶᠢᠯᠠᠩ ᠤᠨ ᠳᠠᠷᠤᠭ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠳᠡᠳ᠋ ᠡᠷᠬᠢᠯᠡᠭᠴᠢ ᠼᠤᠤ ᠰᠢᠤᠸᠠᠢ ᠲᠤᠤ ᠠᠵᠢᠯ ᠤᠨ ᠳᠤᠭᠤᠶᠢᠯᠠᠩ ᠤᠨ ᠭᠡᠰᠢᠭᠦᠳ ᠢᠶᠠᠨ ᠳᠠᠭᠠᠭᠤᠯᠤᠨ ᠢᠦᠢ ᠴᠢᠤᠸᠠᠨ ᠲᠣᠭᠤᠷᠢᠭ ᠤᠨ ᠬᠤᠷᠢᠶᠠᠯᠠᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠲᠤᠰ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ | ᠬᠤᠸᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠦᠢ ᠬᠤᠩ ᡁᠢ ᠲᠠᠢ ᠬᠠᠮᠲᠤ ᠡᠯ᠎ᠡ ᠮᠤᠵᠢ ᠬᠤᠲᠠ ᠶᠢᠨ | ᠬᠥᠬᠡᠬᠤᠲᠠ ᠶᠢ ᠲᠤᠰᠠᠯᠠᠬᠤ ᠡᠮᠴᠢᠯᠡᠭᠡᠨ ᠤ ᠠᠩᠭᠢ ᠶᠢ ᠳᠣᠲᠣᠨᠣ ᠪᠣᠯᠭᠤᠭᠠᠨ ᠦᠵᠡᠵᠦ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠪᠡ᠃ | ᠢᠦᠢ ᠴᠢᠤᠸᠠᠨ ᠲᠣᠭᠤᠷᠢᠭ ᠤᠨ ᠰᠢᠨ ᠺᠠᠢ ᠶᠤᠸᠠᠨ ᠬᠤᠷᠢᠶᠠᠯᠠᠯ ᠳᠤ᠂ ᠠᠵᠢᠯᠯᠠᠬᠤ ᠳᠤᠭᠤᠶᠢᠯᠠᠩ ᠤᠨ ᠬᠢᠨ ᠲᠤᠰ ᠬᠤᠷᠢᠶᠠᠯᠠᠯ ᠤᠨ ᠣᠳᠣᠬᠠᠨ ᠤ ᠪᠢᠲᠡᠭᠦᠮᠵᠢᠯᠡᠨ ᠡᠵᠡᠮᠳᠡᠵᠦ | ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠷᠢᠶᠠᠯᠠᠯ ᠤᠨ ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠪᠠᠶᠢᠳᠠᠯ ᠵᠢᠴᠢ ᠬᠤᠷᠢᠶᠠᠯᠠᠯ ᠤᠨ ᠪᠥᠭᠡᠮ ᠬᠦᠴᠢᠯ ᠤᠨ ᠦᠯᠢᠭᠡᠷ ᠠᠪᠬᠤ᠂ ᠡᠳ᠋ ᠪᠣᠳᠠᠰ ᠲᠣᠬᠢᠷᠠᠭᠤᠯᠤᠨ ᠬᠦᠷᠭᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠡᠭᠦᠰᠴᠦ ᠮᠡᠳᠡᠬᠦ ᠬᠠᠯᠳᠠᠪᠤᠷᠢᠯᠠᠯ ᠤᠨ ᠢᠷᠡᠯᠲᠡ ᠶᠢ ᠲᠤᠬᠠᠢ ᠶᠢᠨ ᠭᠠᠵᠠᠷ ᠲᠤᠨᠢ ᠰᠤᠳᠤᠯᠵᠠᠢ᠃ ᠠᠵᠢᠯᠯᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠤᠨ | ᠬᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠯᠢᠭ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ | ᠰᠠᠭᠤᠭᠠᠯᠢ ᠠᠷᠠᠳ ᠤᠨ ᠠᠮᠢᠳᠤᠷᠠᠯ ᠤᠨ ᠡᠳ᠋ ᠪᠣᠳᠠᠰ ᠢ ᠲᠣᠬᠢᠷᠠᠭᠤᠯᠤᠨ ᠬᠦᠷᠭᠡᠬᠦ ᠵᠢᠴᠢ ᠠᠷᠢᠭᠤᠳᠬᠠᠵᠤ ᠤᠰᠠᠳᠬᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ | ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠬᠡᠷᠡᠭᠲᠡᠢ᠃ ᠰᠡᠳᠬᠢᠯᠭᠡ ᠪᠠᠨ ᠮᠡᠳᠡᠯᠴᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠤᠯᠠᠨ ᠲᠦᠮᠡᠨ ᠤ ᠰᠡᠳᠬᠢᠴᠡ ᠶᠢ ᠲᠠᠶᠢᠳᠬᠤᠷᠠᠭᠤᠯᠤᠨ ᠵᠢᠯᠤᠭᠤᠳᠬᠤ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠤᠯᠠᠨ ᠲᠦᠮᠡᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠣᠶᠢᠯᠠᠭᠠᠯᠲᠠ ᠳᠡᠮᠵᠢᠯᠭᠡ ᠶᠢ ᠣᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ | ᠹᠷᠣᠨᠲ ᠳᠡᠭᠡᠷᠡᠬᠢ ᠥᠷᠭᠡᠨ ᠤᠯᠠᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠪᠠ ᠠᠮᠢᠳᠤᠷᠠᠯ ᠤᠨ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃ | ᠵᠢᠶᠠᠩᠰᠤ᠂ ᠵᠧᠵᠢᠶᠠᠩ᠂ ᠾᠧᠪᠧᠢ᠂ ᠲᠢᠶᠠᠨᠵᠢᠨ᠂ ᠬᠠᠷᠠᠮᠥ᠋ᠷᠡᠨ᠂ ᠱᠠᠨᠰᠢ᠂ ᠴᠦᠩᠴᠢᠩ᠂ ᠭᠤᠸᠠᠩᠳᠦ᠋ᠩ ᠵᠡᠷᠭᠡ ᠬᠥᠬᠡᠬᠤᠲᠠ ᠶᠢ ᠲᠤᠰᠠᠯᠠᠬᠤ ᠡᠮᠴᠢᠯᠡᠭᠡᠨ ᠤ ᠠᠩᠭᠢ ᠶᠢᠨ | ᠰᠠᠭᠤᠭ᠎ᠠ ᠭᠠᠵᠠᠷ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠡᠯ᠎ᠡ ᠡᠮᠴᠢᠯᠡᠭᠡᠨ ᠤ ᠠᠩᠭᠢ ᠶᠢᠨ ᠲᠤᠰᠠᠯᠠᠬᠤ ᠠᠵᠢᠯ ᠶᠢ ᠥᠷᠨᠢᠭᠦᠯᠦᠭᠰᠡᠨ ᠵᠢᠴᠢ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠳᠣᠲᠣᠨᠣ ᠪᠠᠷ ᠠᠰᠠᠭᠤᠨ ᠯᠠᠪᠯᠠᠵᠠᠢ᠃ ᠲᠣᠬᠤᠨᠢᠭᠤᠯᠬᠤ ᠳᠤᠮᠳᠠ ᠼᠤᠤ ᠰᠢᠤᠸᠠᠢ ᠲᠤᠤ ᠬᠡᠯᠡᠬᠦ ᠳᠡᠭᠡᠨ᠂ ᠲᠤᠰ ᠡᠭᠡᠯᠵᠢ ᠶᠢᠨ | ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠯ᠎ᠡ ᠭᠠᠵᠠᠷ ᠤᠨ ᠰᠢᠯᠢᠳᠡᠭ ᠬᠦᠴᠦᠨ ᠢ ᠲᠣᠬᠢᠷᠠᠭᠤᠯᠤᠨ | ᠬᠥᠬᠡᠬᠤᠲᠠ ᠶᠢ ᠲᠤᠰᠠᠯᠠᠵᠤ᠂ ᠡᠮᠴᠢᠯᠡᠭᠡᠨ ᠤ ᠠᠩᠭᠢ ᠶᠢᠨ ᠥᠷᠭᠡᠨ ᠤᠯᠠᠨ ᠭᠡᠰᠢᠭᠦᠨ ᠵᠠᠷᠯᠢᠭ ᠢᠶᠠᠷ ᠬᠥᠳᠡᠯᠵᠦ᠂ ᠪᠠᠭ᠎ᠠ ᠭᠡᠷ ᠢᠶᠠᠨ ᠣᠭᠤᠷᠴᠤ ᠤᠯᠠᠨ ᠢ ᠬᠠᠷᠠᠭᠠᠯᠵᠠᠵᠤ᠂ ᠪᠣᠳᠠᠲᠤ | ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠴᠢᠯᠡᠭᠡᠨ ᠤ ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠯ᠎ᠠ᠂ ᠪᠠᠰᠠ ︽ᠪᠦᠬᠦ ᠤᠯᠤᠰ ᠢᠶᠠᠷ ᠢᠶᠠᠨ ᠨᠢᠭᠡ ᠬᠥᠯᠭᠡ | ᠰᠢᠲᠠᠷ᠎ᠠ︾ ᠶᠢᠨ ᠳᠦᠷᠢᠮ ᠤᠨ ᠳᠠᠪᠠᠭᠤᠯᠢᠭ ᠪᠣᠯᠣᠨ ︽ᠪᠦᠬᠦ ᠤᠯᠤᠰ ᠤᠨ ᠠᠷᠠᠳ ᠲᠦᠮᠡᠨ ᠨᠢᠭᠡ ᠭᠡᠷ ᠪᠦᠯᠢ︾ ᠪᠣᠯᠬᠤ ᠭᠦᠨ ᠵᠤᠵᠠᠭᠠᠨ ᠨᠥᠬᠦᠷᠯᠡᠯ ᠢ ᠬᠠᠷᠠᠭᠤᠯᠤᠯ᠎ᠠ᠃ ᠡᠯ᠎ᠡ | ᠡᠮᠴᠢᠯᠡᠭᠡᠨ ᠤ ᠠᠩᠭᠢ ᠶᠢᠨ ᠭᠡᠰᠢᠭᠦᠳ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠠᠷᠠᠳ ᠲᠦᠮᠡᠨ ᠢ ᠳᠡᠭᠡᠳᠦᠯᠡᠵᠦ᠂ ᠠᠮᠢ | ᠨᠠᠰᠤ ᠶᠢ ᠳᠡᠭᠡᠳᠦᠯᠡᠬᠦ︾ ᠶᠢ ᠪᠠᠷᠢᠮᠲᠠᠯᠠᠵᠤ᠂ ᠬᠠᠷᠢᠶ᠎ᠠ ᠭᠠᠵᠠᠷ ᠤᠨ ᠡᠮᠴᠢᠯᠡᠭᠡᠨ ᠤ ᠠᠵᠢᠯᠲᠠᠳ ᠲᠠᠢ ᠭᠠᠷ ᠬᠤᠯᠪᠣᠨ ᠲᠡᠮᠡᠴᠡᠵᠦ᠂ ᠬᠥᠬᠡᠬᠤᠲᠠ ᠶᠢᠨ ᠬᠢᠵᠢᠭ ᠢ ᠡᠰᠡᠷᠭᠦᠴᠡᠬᠦ ᠳᠤ ᠨᠡᠩ | ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠵᠡᠷᠭᠡᠴᠡᠭᠡᠪᠡᠷ᠂ ᠥᠪᠡᠷ ᠢ ᠪᠠᠨ ᠬᠠᠮᠠᠭᠠᠯᠠᠬᠤ ᠠᠵᠢᠯ ᠢ ᠴᠢᠩᠭᠠᠳᠬᠠᠵᠤ᠂ ᠠᠵᠢᠯᠯᠠᠵᠤ ᠠᠮᠠᠷᠠᠬᠤ ᠪᠠᠨ | ᠤᠶᠠᠯᠳᠤᠭᠤᠯᠬᠤ ᠶᠢ ᠴᠢᠬᠤᠯᠠᠴᠢᠯᠠᠵᠤ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠠᠶᠢᠯᠳᠤᠭᠠᠨ ᠳᠤ ᠣᠷᠣᠯᠴᠠᠵᠤ᠂ ᠡᠷᠲᠡᠬᠡᠨ ᠢᠯᠠᠯᠲᠠ ᠣᠯᠵᠤ᠂ | ᠠᠮᠵᠢᠯᠲᠠ ᠲᠠᠢ ᠪᠠᠷ ᠪᠤᠴᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠡᠯ᠎ᠡ ᠡᠮᠴᠢᠯᠡᠭᠡᠨ ᠤ ᠠᠩᠭᠢ ᠶᠢᠨ ᠬᠢᠨ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠪᠦᠯᠬᠦᠮᠳᠡᠨ ᠬᠠᠮᠵᠢᠯᠴᠠᠵᠤ᠂ ᠬᠥᠬᠡᠬᠤᠲᠠ ᠶᠢᠨ ᠠᠷᠠᠳ ᠲᠦᠮᠡᠨ ᠲᠠᠢ ᠵᠢᠷᠭᠠᠯ | ᠵᠣᠪᠠᠯᠠᠩ ᠢᠶᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠥᠬᠡᠬᠤᠲᠠ ᠶᠢ ᠲᠤᠰᠠᠯᠠᠨ ᠬᠢᠵᠢᠭ ᠤᠨ ᠪᠠᠶᠢᠳᠠᠯ ᠢ ᠡᠰᠡᠷᠭᠦᠴᠡᠬᠦ ᠡᠭᠦᠷᠭᠡ ᠶᠢ ᠯᠠᠪᠲᠠᠢ | ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ |