ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠰᠢᠳᠦ ᠪᠠᠨ ᠵᠠᠭᠤᠵᠤ ᠡᠴᠦᠰ ᠲᠤᠨᠢ ᠲᠤᠯᠲᠠᠯ᠎ᠠ ᠪᠠᠷᠢᠮᠲᠠᠯᠠᠵᠤ ᠬᠠᠷᠠᠯᠲᠠ ᠪᠠᠨ ᠵᠣᠷᠢᠵᠤ ᠠᠯᠢ ᠲᠦᠷᠭᠡᠨ ᠴᠡᠪᠡᠷᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/10/19
       ︵ᠰᠤᠷᠪᠤᠯᠵᠢᠯᠠᠭᠴᠢ ᠰᠥᠩ ᠱᠤᠸᠠᠩ︶ 10 ᠳ᠋ᠤᠭᠠᠷ ᠰᠠᠷ᠎ᠠ ᠶᠢᠨ 18 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠰᠢᠳᠦ ᠪᠠᠨ ᠵᠠᠭᠤᠵᠤ᠂ ᠡᠴᠦᠰ ᠲᠤᠨᠢ ᠲᠤᠯᠲᠠᠯ᠎ᠠ ᠪᠠᠷᠢᠮᠲᠠᠯᠠᠵᠤ᠂ ᠬᠠᠷᠠᠯᠲᠠ ᠪᠠᠨ ᠵᠣᠷᠢᠵᠤ᠂ ᠠᠯᠢ ᠲᠦᠷᠭᠡᠨ ᠢᠶᠠᠷ ᠴᠡᠪᠡᠷᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯ ᠤᠨ ᠳᠤᠭᠤᠶᠢᠯᠠᠩ ᠤᠨ ᠳᠠᠷᠤᠭ᠎ᠠ ᠼᠤᠤ ᠰᠢᠤᠸᠠᠢ ᠲᠤᠸ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠼᠤᠤ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠯ ᠤᠨ ᠡᠬᠢ ᠰᠤᠷᠪᠤᠯᠵᠢ ᠪᠣᠯᠣᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠠᠷᠢᠯᠭᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠢ ᠲᠦᠷᠭᠡᠨ ᠰᠢᠢᠳᠪᠦᠷᠢᠯᠡᠵᠦ᠂ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠥᠨ᠂ ᠪᠣᠳᠠᠰ᠂ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠬᠦ ᠶᠢ ᠴᠢᠩᠭᠠᠳᠬᠠᠵᠤ᠂ ᠸᠢᠷᠦ᠋ᠰ ᠤᠨ ᠬᠠᠯᠳᠠᠪᠤᠷᠢᠯᠠᠯ ᠤᠨ ᠬᠡᠯᠬᠢᠶ᠎ᠡ ᠶᠢ ᠦᠨᠳᠦᠰᠦᠨ ᠠᠴᠠ ᠨᠢ ᠲᠠᠰᠤᠯᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠠᠮᠢᠶᠠᠷᠤᠯᠲᠠ ᠪᠠ ᠰᠡᠷᠭᠡᠶᠢᠯᠡᠯᠲᠡ ᠠᠴᠠ ᠭᠤᠭᠤᠵᠢᠭᠳᠠᠭᠰᠠᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠡᠭᠦᠳᠡ ᠲᠣᠭᠰᠢᠬᠤ ᠠᠵᠢᠯᠯᠠᠭ᠎ᠠ᠂ ᠲᠡᠭ ᠪᠣᠯᠭᠠᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠪᠠᠶᠢᠴᠠᠭᠠᠯᠲᠠ ᠶᠢ ᠣᠷᠬᠢᠭᠳᠠᠭᠤᠯᠬᠤ ᠦᠭᠡᠢ᠂ ᠰᠢᠯᠵᠢᠭᠦᠯᠬᠦ ᠶᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠠᠭᠠᠷᠢᠭ ᠢ ᠡᠪᠳᠡᠵᠦ ᠲᠣᠣᠷ ᠢ ᠡᠪᠳᠡᠬᠦ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠴᠠᠭᠠᠷᠢᠭ ᠢ ᠡᠷᠬᠡᠪᠰᠢ ᠪᠢᠲᠡᠭᠦᠯᠡᠵᠦ᠂ ᠬᠠᠮᠢᠶᠠᠷᠤᠨ ᠡᠵᠡᠮᠳᠡᠬᠦ ᠶᠢ ᠡᠷᠬᠡᠪᠰᠢ ᠴᠢᠩᠭ᠎ᠠ ᠪᠠᠶᠢᠯᠭᠠᠬᠤ ᠬᠡᠷᠡᠭᠲᠡᠢ᠃ ᠰᠣᠯᠪᠢᠴᠠᠵᠤ ᠰᠦᠯᠵᠢᠯᠳᠦᠬᠦ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮ ᠡᠮᠨᠡᠯᠭᠡ ᠶᠢᠨ ᠠᠪᠤᠷᠠᠨ ᠵᠠᠰᠠᠯᠲᠠ ᠵᠡᠷᠭᠡ ᠠᠵᠢᠯ ᠢ ᠴᠢᠩᠭ᠎ᠠ ᠨᠢᠮᠪᠠᠢ ᠰᠠᠶᠢᠲᠤᠷ ᠠᠳᠬᠤᠬᠤ ᠬᠡᠷᠡᠭᠲᠡᠢ᠃ ᠠᠵᠢᠯᠲᠠᠨ ᠡᠳ᠋ ᠪᠣᠳᠠᠰ ᠳᠤᠲᠠᠭᠳᠠᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠳᠠᠯᠳᠠ ᠬᠦᠴᠦᠨ ᠢ ᠠᠭᠤᠳᠠᠯᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠲᠣᠬᠢᠷᠠᠭᠤᠯᠵᠤ᠂ ᠤᠯᠠᠨ ᠲᠦᠮᠡᠨ ᠤ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠮᠢᠶᠠᠷᠤᠯᠲᠠ ᠳᠤᠮᠳᠠᠬᠢ ᠪᠦᠳᠦᠭᠦᠯᠢᠭ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠠᠵᠢᠯᠲᠠᠨ ᠤ ᠰᠠᠭᠤᠷᠢ ᠲᠤᠭ᠎ᠠ ᠶᠢ ᠲᠣᠳᠣᠷᠬᠠᠢ᠂ ᠬᠠᠮᠢᠶᠠᠷᠤᠨ ᠡᠵᠡᠮᠳᠡᠬᠦ ᠪᠠᠷᠢᠮᠵᠢᠶ᠎ᠠ ᠲᠣᠳᠣᠷᠬᠠᠢ᠂ ᠰᠢᠭᠰᠢᠨ ᠪᠠᠶᠢᠴᠠᠭᠠᠬᠤ ᠠᠷᠭ᠎ᠠ ᠬᠡᠯᠪᠡᠷᠢ ᠲᠣᠳᠣᠷᠬᠠᠢ᠂ ᠠᠵᠢᠯ ᠤᠨ ᠡᠭᠦᠷᠭᠡ ᠬᠠᠷᠢᠭᠤᠴᠠᠯᠭ᠎ᠠ ᠲᠣᠳᠣᠷᠬᠠᠢ ᠪᠠᠶᠢᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠦᠭᠡ ᠬᠡᠯᠡᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠢᠲᠡᠭᠡᠯ ᠵᠣᠷᠢᠭ ᠢ ᠪᠠᠲᠤᠳᠬᠠᠭᠰᠠᠨ᠂ ᠬᠥᠮᠥᠰ ᠤᠨ ᠰᠡᠳᠬᠢᠯ ᠢ ᠳᠤᠯᠠᠭᠠᠴᠠᠭᠤᠯᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠠᠴᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ