10 ᠰᠠᠷ᠎ᠠ ᠶᠢᠨ 16 ᠤ ᠦᠳᠡ ᠶᠢᠨ ᠡᠮᠦᠨᠡᠬᠢ 10 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠬᠡᠪᠡᠷ ᠡᠬᠢᠯᠡᠵᠦ᠂ ᠢᠦᠢ ᠴᠢᠤᠸᠠᠨ | ᠲᠣᠭᠤᠷᠢᠭ ᠤᠨ ᠨᠠᠮ ᠤᠨ ᠭᠡᠰᠢᠭᠦᠨ ᠺᠠᠳ᠋ᠷ ᠬᠤᠷᠠᠯ ᠤᠨ ᠭᠡᠷ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠴᠠᠭ ᠲᠤᠬᠠᠢ ᠳᠤᠨᠢ ᠬᠦᠯᠢᠶᠡᠨ ᠠᠪᠴᠤ ᠦᠵᠡᠵᠦ᠂ ᠶᠡᠷᠦᠩᠬᠡᠢ ᠱᠦᠵᠢ ᠰᠢ ᠶᠢᠨ | ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠦᠯᠦᠭᠡᠯᠡᠵᠦ ᠶᠡᠭᠡ ᠬᠤᠷᠠᠯ ᠳᠤ ᠬᠢᠭᠰᠡᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠠᠢ᠃ | ᠬᠠᠷᠢᠶᠠᠲᠤ ᠣᠷᠣᠨ ᠤ ᠡᠯ᠎ᠡ ᠪᠠᠯᠭᠠᠰᠤᠨ ᠤ ᠠᠯᠪᠠᠨ ᠬᠡᠷ᠂ ᠨᠡᠶᠢᠭᠡᠮ ᠲᠣᠭᠤᠷᠢᠭ ︵ᠲᠣᠰᠬᠤᠨ︶ ᠴᠤ ᠡᠯ᠎ᠡ ᠵᠦᠢᠯ ᠤᠨ ᠵᠠᠭᠤᠴᠢᠯᠠᠭᠤᠷ ᠤᠨ ᠲᠠᠪᠴᠠᠩ ᠢ | ᠭᠦᠢᠴᠡᠳ ᠠᠰᠢᠭᠯᠠᠨ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠪᠤᠶᠤ ᠠᠵᠢᠯᠯᠠᠬᠤ ᠳᠤᠭᠤᠶᠢᠯᠠᠩ ᠤᠨ ᠰᠠᠭᠤᠭ᠎ᠠ ᠭᠠᠵᠠᠷ ᠲᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠭᠥᠯᠢᠶᠡᠨ ᠠᠪᠴᠤ | ᠦᠵᠡᠵᠦ᠂ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠰᠤᠷᠤᠯᠴᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ | ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠢᠦᠢ ᠴᠢᠤᠸᠠᠨ ᠲᠣᠭᠤᠷᠢᠭ ᠤᠨ ᠤᠷᠳᠤᠰ ᠵᠠᠮ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠶᠢᠲᠤ ᠪᠠ ᠯᠢ ᠲᠣᠰᠬᠤᠨ ᠤ ᠬᠢᠨ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠬᠤᠷᠠᠯ ᠢ ᠬᠦᠯᠢᠶᠡᠨ ᠠᠪᠴᠤ ᠦᠵᠡᠵᠦ ᠪᠠᠶᠢᠵᠠᠢ᠃ ᠳᠡᠯᠭᠡᠴᠡ ᠶᠢᠨ ᠡᠮᠦᠨ᠎ᠡ ᠲᠥᠪᠯᠡᠷᠡᠨ ᠵᠣᠭᠰᠣᠵᠤ | ᠪᠠᠶᠢᠭᠰᠠᠨ ᠳᠡᠳᠡ ᠬᠢᠵᠠᠭᠠᠯᠠᠰᠢ ᠦᠭᠡᠢ ᠳᠣᠭᠳᠣᠯᠤᠭᠰᠠᠨ ᠰᠡᠳᠬᠢᠯᠭᠡ ᠪᠠᠷ ᠶᠡᠭᠡ ᠬᠤᠷᠠᠯ ᠤᠨ ᠠᠬᠤᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠠᠮᠲᠤᠪᠠᠷ | ᠬᠦᠯᠢᠶᠡᠨ ᠠᠪᠴᠤ ᠦᠵᠡᠪᠡ᠂ ᠬᠦᠯᠢᠶᠡᠨ ᠠᠪᠴᠤ ᠰᠣᠨᠣᠰᠴᠤ ᠦᠵᠡᠬᠦ ᠶᠠᠪᠤᠴᠠ ᠳᠤ᠂ ᠤᠯᠠᠨ ᠢᠶᠠᠷ ᠢᠶᠠᠨ ᠪᠦᠬᠦ ᠠᠩᠬᠠᠷᠤᠯ ᠢᠶᠠᠨ ᠲᠥᠪᠯᠡᠷᠡᠭᠦᠯᠵᠦ᠂ | ᠬᠠᠯᠠᠭᠤᠨ ᠢᠶᠠᠷ ᠠᠯᠠᠭ᠎ᠠ ᠲᠠᠰᠢᠪᠠ᠃ | ᠣᠯᠠᠨ ᠢᠶᠠᠷ ᠢᠶᠠᠨ᠄ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ | ᠪᠠᠶᠠᠯᠢᠭ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ | ᠪᠣᠯᠤᠨ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠵᠤ᠂ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ | ᠪᠠᠷᠠᠭᠠᠯᠬᠢᠯᠠᠯ ᠤᠨ ᠴᠢᠨᠠᠷᠲᠠᠢ ᠠᠵᠢᠯᠯᠠᠭᠠᠨ ᠤ ᠬᠥᠲᠥᠯᠪᠦᠷᠢ ᠶᠢ ᠳᠤᠷᠠᠳᠴᠠᠢ᠂ ᠡᠨᠡ ᠪᠣᠯ ᠨᠠᠮ ᠠᠴᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠰᠢᠨ᠎ᠡ ᠴᠠᠭ ᠦᠶ᠎ᠡ ᠳᠤ ᠦᠷᠭᠦᠯᠵᠢᠯᠡᠨ ᠡᠷᠡᠯᠬᠡᠭᠯᠡᠨ ᠤᠷᠤᠭᠰᠢᠯᠠᠭᠰᠠᠨ ᠲᠤᠩᠬᠠᠭ ᠪᠢᠴᠢᠭ ᠪᠣᠯᠤᠨ ᠵᠦᠭᠯᠡᠭᠦᠷ | ᠪᠣᠯᠤᠨ᠎ᠠ ᠭᠡᠵᠦ ᠢᠯᠡᠷᠬᠡᠶᠢᠯᠡᠵᠡᠭᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠢ | ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠶ | ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠶᠢᠨ ᠳᠣᠲᠣᠭᠠᠳᠤ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠪᠠ ᠨᠠᠮ ᠤᠨ ᠭᠡᠰᠢᠭᠦᠨ ᠨᠢᠭᠡᠪᠦᠷᠢ ᠳᠤ ᠨᠠᠶᠢᠳᠠᠪᠤᠷᠢᠵᠢᠭᠤᠯᠵᠤ᠂ ᠤᠯᠠᠨ ᠢᠶᠠᠷ ᠢᠶᠠᠨ ᠨᠠᠮ ᠤᠨ | ᠲᠥᠪ ᠬᠤᠷᠢᠶ᠎ᠠ ᠲᠠᠢ ᠦᠵᠡᠯ ᠰᠠᠨᠠᠭ᠎ᠠ ᠪᠠᠨ ᠴᠤᠤᠷᠢᠶᠠᠲᠤᠭᠤᠯᠵᠤ᠂ ᠬᠠᠶᠢᠷ᠎ᠠ ᠰᠡᠳᠬᠢᠯᠭᠡ ᠪᠠᠨ ᠬᠠᠮᠲᠤᠳᠬᠠᠵᠤ᠂ ᠦᠢᠯᠡ ᠠᠵᠢᠯᠯᠠᠭ᠎ᠠ ᠪᠠᠷ ᠢᠶᠠᠨ | ᠤᠷᠤᠭᠰᠢᠯᠠᠬᠤ ᠶᠢ ᠬᠥᠭᠵᠢᠭᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠰᠠᠶᠢᠲᠤᠷ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ᠃ ︵ᠰᠤᠷᠪᠤᠯᠵᠢᠯᠠᠭᠴᠢ᠄ ᠵᠠᠩ ᠶᠠᠨ ᠨᠢ ᠵᠢᠶᠤᠤ ᠨᠢᠩ ᠪᠥᠸᠧ ᠮᠠ ᠰᠢᠨ︶ | |