ᠭᠦᠭᠡᠬᠤᠲᠠ 4 ᠰᠠᠯᠠᠭ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠲᠠᠢ ᠪᠣᠯᠪᠠ
ᠨᠡᠶᠢᠲᠡᠯᠡᠭᠰᠡᠨ ᠴᠠᠭ᠄
2022/10/22
      ᠣᠶᠢᠷ᠎ᠠ ᠳᠤ ᠭᠦᠭᠡᠬᠤᠲᠠ ᠶᠢᠨ  ᠴᠡᠷᠢᠭ  ᠤᠨ ᠠᠯᠪᠠ ᠠᠴᠠ ᠬᠠᠯᠠᠭᠳᠠᠭᠰᠠᠳ  ᠤᠨ ᠰᠠᠶᠢᠨ ᠳᠤᠷ᠎ᠠ  ᠶᠢᠨ ᠦᠢᠯᠡᠴᠢᠯᠡᠭᠡᠨ  ᠤ ᠠᠩᠭᠢ ᠪᠠᠶᠢᠭᠤᠯᠤᠭᠳᠠᠬᠤ ᠬᠤᠷᠠᠯ ᠵᠢᠴᠢ ᠲᠤᠭ ᠣᠯᠭᠤᠬᠤ ᠶᠣᠰᠣᠯᠠᠯ ᠶᠠᠪᠤᠭᠳᠠᠪᠠ᠃      ᠣᠶᠢᠯᠠᠭᠠᠭᠰᠠᠨ ᠢᠶᠠᠷ᠂ ᠭᠦᠭᠡᠬᠤᠲᠠ  ᠶᠢᠨ ᠴᠡᠷᠢᠭ  ᠤᠨ ᠠᠯᠪᠠ ᠠᠴᠠ ᠬᠠᠯᠠᠭᠳᠠᠭᠰᠠᠳ  ᠤᠨ ᠶᠠᠪᠤᠳᠠᠯ  ᠤᠨ ᠲᠣᠪᠴᠢᠶ᠎ᠠ ᠬᠤᠶᠠᠷ ᠰᠠᠷ᠎ᠠ ᠭᠠᠷᠤᠢ  ᠶᠢᠨ ᠵᠣᠬᠢᠶᠠᠨ ᠪᠠᠶᠢᠭᠤᠯᠵᠤ ᠪᠡᠯᠡᠳᠬᠡᠬᠦ ᠪᠠᠷ ᠳᠡᠮᠵᠢᠨ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠭᠦ᠂ ᠦᠨ᠎ᠡ ᠲᠥᠯᠥᠪᠦᠷᠢ ᠦᠭᠡᠢ ᠪᠠᠷ ᠣᠷᠤᠯᠴᠠᠬᠤ ᠵᠠᠷᠴᠢᠮ ᠶᠣᠰᠣᠭᠠᠷ᠂  ᠪᠦᠭᠦ ᠬᠤᠲᠠ ᠶᠢᠨ ᠬᠠᠮᠤᠭ  ᠤᠨ ᠭᠤᠶᠣ ᠴᠡᠷᠢᠭ  ᠤᠨ ᠠᠯᠪᠠ ᠠᠴᠠ ᠬᠠᠯᠠᠭᠳᠠᠭᠰᠠᠳ᠂ ᠵᠠᠰᠠᠭ ᠵᠠᠬᠢᠷᠭ᠎ᠠ ᠠᠵᠢᠯ ᠦᠢᠯᠡᠰ  ᠤᠨ ᠨᠢᠭᠡᠴᠢ᠂ ᠤᠯᠤᠰ  ᠤᠨ ᠥᠮᠴᠢᠯᠡᠯ  ᠤᠨ ᠠᠵᠤ ᠠᠬᠤᠶᠢᠯᠠᠯ  ᠤᠨ ᠴᠡᠷᠢᠭ  ᠤᠨ ᠠᠯᠪᠠ ᠠᠴᠠ ᠬᠠᠯᠠᠭᠳᠠᠭᠰᠠᠨ ᠺᠠᠳ᠋ᠷ  ᠤᠨ ᠳᠣᠲᠣᠷᠠᠬᠢ ᠭᠤᠣᠯᠯᠠᠭᠴᠢ ᠪᠠᠷ ᠪᠦᠷᠢᠯᠳᠦᠭᠰᠡᠨ 4 ᠰᠠᠯᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ  ᠶᠢ ᠪᠠᠶᠢᠭᠤᠯᠵᠠᠢ᠃ ᠡᠨᠡ 4 ᠰᠠᠯᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ  ᠤ ᠠᠩᠭᠢ  ᠨᠢ ᠲᠤᠰ ᠲᠤᠰ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂  ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠪᠣᠯᠣᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠥᠪᠡᠷ ᠢ ᠪᠠᠨ ᠬᠠᠮᠢᠶᠠᠷᠬᠤ ᠠᠷᠭ᠎ᠠ ᠭᠡᠯᠪᠡᠷᠢ ᠶᠢ ᠠᠪᠴᠤ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠶᠢ ᠬᠦᠯᠢᠶᠡᠵᠦ᠂ ᠪᠦᠭᠦ ᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠳᠤ ᠴᠡᠷᠢᠭ ᠬᠥᠮᠥᠨ ᠤ ᠬᠦᠴᠦᠨ ᠴᠢᠳᠠᠯ ᠢ ᠨᠡᠮᠡᠷᠢᠯᠡᠬᠦ ᠪᠣᠯᠣᠨ᠎ᠠ᠃      ᠲᠠᠷᠠᠭᠠᠴᠢ ᠪᠠᠷ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠨᠣᠯ ᠤᠨ ᠮᠡᠳᠡᠯᠭᠡ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠵᠦ᠂ ᠲᠤᠰᠬᠠᠢ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠭᠤᠣᠯᠯᠠᠭᠴᠢ ᠡᠩᠨᠡᠭᠡ ᠶᠢ ᠬᠥᠮᠥᠵᠢᠭᠦᠯᠬᠦ ᠶᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠭᠦ ᠶᠢ ᠬᠥᠲᠥᠯᠥᠨ ᠵᠢᠯᠣᠭᠤᠳᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ