ᠭᠦᠭᠡᠬᠤᠳᠠ ᠶᠢᠨ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠡᠷᠴᠢᠮᠲᠡᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/10/26
      ᠣᠶᠢᠷ᠎ᠠ ᠳᠤ᠂ ᠭᠦᠭᠡᠬᠤᠳᠠ ᠰᠦᠯᠵᠢᠶᠡᠨ ᠳᠡᠭᠡᠷᠡᠬᠢ ᠰᠣᠶᠣᠯ ᠤᠷᠠᠯᠢᠭ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠤᠨ ᠬᠤᠭᠤᠴᠠᠭᠠᠨ ᠳᠤ ᠬᠤᠲᠠ ᠶᠢᠨ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠤ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠵᠤ ᠪᠤᠢ᠃      ᠰᠢᠷᠢᠰ ᠠᠵᠢᠯᠯᠠᠭ᠎ᠠ ᠳᠤ ᠨᠡᠶᠢᠲᠡ ᠶᠢᠨ ᠠᠰᠠᠷᠠᠮᠵᠢ ᠶᠢᠨ ᠪᠣᠯᠪᠠᠰᠤᠷᠠᠯ ᠤᠨ ᠬᠢᠴᠢᠶᠡᠯ ᠪᠠ ᠲᠠᠶᠢᠯᠤᠮᠵᠢ ᠶᠢ ᠥᠷᠨᠢᠭᠦᠯᠦᠨ᠂ ᠡᠷᠲᠡᠨ ᠤ ᠰᠣᠩᠭᠤᠳᠠᠭ ᠪᠥᠵᠢᠭ᠂ ᠪᠠᠯᠧᠲ ᠪᠥᠵᠢᠭ ᠵᠡᠷᠭᠡ ᠣᠨᠴᠠᠯᠢᠭᠲᠤ ᠬᠢᠴᠢᠶᠡᠯ ᠢ 7 ᠲᠠᠯᠠᠪᠤᠷ ᠰᠢᠭᠤᠳ ᠨᠡᠪᠲᠡᠷᠡᠭᠦᠯᠦᠭᠰᠡᠨ ᠪᠥᠭᠡᠳ ︽ᠪᠢ ᠵᠣᠯ ᠵᠢᠷᠭᠠᠯᠲᠤ ᠬᠤᠳᠠ ᠲᠠᠢ ᠪᠠᠨ︾᠂ ︽ᠰᠣᠶᠣᠯ ᠤᠨ ᠣᠷᠳᠣᠨ ᠳᠤ ᠤᠷ᠎ᠠ ᠠᠪᠢᠶᠠᠰ ᠰᠤᠷᠬᠤ︾ ᠵᠡᠷᠭᠡ ᠤᠯᠠᠨ ᠲᠦᠷᠦᠯ ᠤᠨ ᠠᠵᠢᠯᠯᠠᠭ᠎ᠠ ᠶᠠᠪᠤᠭᠳᠠᠭᠤᠯᠵᠤ᠂ ᠤᠯᠠᠨ ᠤ ᠮᠠᠭᠲᠠᠭᠠᠯ ᠲᠠᠭᠠᠰᠢᠶᠠᠯ ᠢ ᠣᠯᠵᠤ ᠪᠠᠶᠢᠨ᠎ᠠ︔ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠰᠦᠯᠵᠢᠶᠡᠨ ᠳᠡᠭᠡᠷ᠎ᠡ ᠳᠡᠯᠭᠡᠨ ᠦᠵᠡᠭᠦᠯᠵᠦ᠂ ︽ᠭᠡᠷ ᠲᠡᠭᠡᠨ ᠰᠠᠭᠤᠵᠤ ᠰᠣᠳᠣᠨ ᠪᠦᠲᠦᠭᠡᠯ ᠰᠣᠨᠢᠷᠬᠠᠬᠤ︾ ᠨᠡᠪᠲᠡᠷᠡᠭᠦᠯᠭᠡ ᠶᠢ 12 ᠬᠤᠭᠤᠴᠠᠭ᠎ᠠ ᠶᠠᠪᠤᠭᠳᠠᠭᠤᠯᠵᠤ᠂ ᠪᠠᠰᠠ ︽ᠭᠦᠭᠡᠬᠤᠳᠠ ᠪᠠᠨ ᠬᠠᠶᠢᠷᠠᠯᠠᠬᠤ︾ ᠰᠢᠷᠢᠰ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠦᠯᠵᠢᠶᠡᠨ ᠳᠡᠭᠡᠷ᠎ᠡ ᠭᠦᠭᠡᠬᠤᠲᠠ ᠶᠢᠨ ᠥᠩᠭᠡ ᠦᠵᠡᠮᠵᠢ᠂ ᠰᠢᠯᠢᠳᠡᠭ ᠵᠦᠴᠦᠭᠡ ᠶᠢ ᠤᠬᠠᠭᠤᠯᠤᠨ ᠲᠠᠨᠢᠯᠴᠠᠭᠤᠯᠵᠤ᠂ ᠭᠦᠭᠡᠬᠤᠲᠠ ᠶᠢᠨ ᠡᠯ᠎ᠡ ᠲᠦᠷᠦᠯ ᠤᠨ ᠤᠳᠬ᠎ᠠ ᠤᠷᠠᠯᠢᠭ ᠤᠨ ᠪᠦᠯᠭᠦᠮ ᠴᠤ ᠤᠯᠠᠨ ᠭᠡᠯᠪᠡᠷᠢ ᠶᠢᠨ ᠤᠳᠬ᠎ᠠ ᠤᠷᠠᠯᠢᠭ ᠤᠨ ᠲᠤᠬᠯᠠᠯᠳᠠ ᠰᠣᠨᠢᠷᠬᠠᠭᠤᠯᠤᠨ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠬᠢᠵᠢᠭ ᠲᠠᠢ ᠲᠡᠮᠡᠴᠡᠬᠦ  ᠶᠢ ᠤᠷᠢᠶᠠᠯᠠᠵᠠᠢ︔ ᠲᠣᠭᠠᠴᠢᠯᠠᠭᠰᠠᠨ ᠰᠣᠶᠣᠯ ᠤᠨ ᠡᠬᠢ ᠪᠠᠶᠠᠯᠢᠭ ᠢ ᠰᠦᠢᠳᠬᠡᠯ ᠦᠭᠡᠢ ᠪᠠᠷ ᠣᠯᠠᠨ ᠨᠡᠶᠢᠲᠡ ᠳᠤ ᠴᠢᠯᠦᠭᠡᠲᠡᠢ ᠨᠡᠭᠡᠭᠡᠵᠦ᠂ ᠨᠣᠮ ᠪᠢᠴᠢᠭ ᠤᠨ ᠲᠠᠨᠢᠯᠴᠠᠭᠤᠯᠭ᠎ᠠ᠂ ᠰᠦᠯᠵᠢᠶᠡᠨ ᠳᠡᠭᠡᠷᠡᠬᠢ ᠦᠵᠡᠰᠭᠦᠯᠡᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠳᠡᠭᠡᠷᠡᠬᠢ ᠨᠣᠮ ᠤᠩᠰᠢᠯᠭ᠎ᠠ ᠪᠠᠨ ᠬᠤᠪᠢᠶᠠᠯᠴᠠᠬᠤ ᠴᠤᠭᠯᠠᠭᠠᠨ᠂ ︽ᠭᠦᠭᠡᠬᠤᠲᠠ ᠶᠢ ᠣᠶᠢᠯᠠᠭᠠᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠨᠢᠷᠬᠠᠮᠵᠢ︾ ᠰᠢᠷᠢᠰ ᠸᠢᠳᠢᠤ᠋ ᠶᠢ ᠨᠡᠶᠢᠲᠡᠯᠡᠵᠦ᠂ ᠥᠷᠭᠡᠨ ᠣᠯᠠᠨ ᠬᠤᠲᠠ ᠶᠢᠨ ᠠᠷᠠᠳ ᠲᠤ ᠮᠡᠳᠡᠯᠭᠡ ᠨᠡᠮᠡᠭᠳᠡᠭᠦᠯᠬᠦ ᠪᠠ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠬᠤ ᠣᠷᠣᠨ ᠵᠠᠢ ᠬᠠᠩᠭᠠᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ