ᠦᠨ᠎ᠡ ᠲᠥᠯᠥᠪᠦᠷᠢ ᠦᠭᠡᠢ ᠪᠠᠷ ᠴᠢᠰᠤ ᠪᠦᠲᠦᠭᠡᠬᠦ ᠰᠤᠷᠪᠤᠯᠵᠢ ᠡᠰ ᠪᠠ ᠴᠢᠰᠤ ᠪᠠᠨ ᠬᠠᠨᠳᠢᠪᠯᠠᠬᠰᠠᠳ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠭᠦᠷᠳᠡᠭᠦ ᠪᠣᠯᠣᠨ᠎ᠠ
ᠨᠡᠶᠢᠲᠡᠯᠡᠭᠰᠡᠨ ᠴᠠᠭ᠄
2022/10/27
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽︿ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠦᠷᠢᠮ﹀  ᠤᠨ ︿ᠬᠤᠶᠠᠷ ᠢ ᠬᠡᠯᠲᠦᠷᠢᠭᠦᠯᠬᠦ﹀ ᠣᠯᠭᠤᠮᠵᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠡᠭᠦᠨ ᠳᠤ᠂ ᠦᠨ᠎ᠡ ᠲᠥᠯᠥᠪᠦᠷᠢ ᠦᠭᠡᠢ ᠪᠠᠷ ᠴᠢᠰᠤ ᠪᠦᠲᠦᠭᠡᠬᠦ ᠰᠤᠷᠪᠤᠯᠵᠢ ᠡᠰ ᠪᠠ ᠴᠢᠰᠤ ᠪᠠᠨ ᠬᠠᠨᠳᠢᠪᠯᠠᠬᠰᠠᠳ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠭᠦᠷᠲᠡᠭᠦ ᠪᠣᠯᠣᠨ᠎ᠠ ᠭᠡᠵᠡᠢ᠃      ︽ᠮᠡᠳᠡᠭᠳᠡᠯ︾ ᠳᠤ᠂ ᠡᠯ᠎ᠡ ᠠᠶᠢᠮᠠᠭ ᠬᠤᠲᠠ ᠶᠢᠨ ᠬᠤᠯᠪᠣᠭᠳᠠᠯ ᠪᠦᠬᠦᠢ ᠨᠢᠭᠡᠴᠢ ᠶᠢᠨ ᠬᠢᠨ ︽ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ  ᠤ ᠨᠡᠶᠢᠭᠡᠮᠯᠢᠭ ᠤᠨ ᠳᠦᠷᠢᠮ︾ ᠳᠤ ᠲᠣᠭᠲᠠᠭᠠᠭᠰᠠᠨ ︽ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠪᠠᠨ ᠬᠠᠨᠳᠢᠪᠯᠡᠭ᠌ᠰᠠᠨ ᠱᠠᠩᠨᠠᠯ᠂ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠭ᠌ᠰᠠᠨ ᠱᠠᠩᠨᠠᠯ ᠭᠥᠷᠳᠡᠭᠰᠡᠨ ᠬᠤᠪᠢ ᠬᠥᠮᠥᠨ ᠬᠠᠮᠢᠶ᠎ᠠ ᠪᠦᠬᠦᠢ ᠭᠡᠷᠡᠴᠢ ᠲᠡᠮᠳᠡᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠨᠡᠶᠢᠲᠡ ᠶᠢᠨ ᠡᠬᠢ ᠪᠠᠶᠠᠯᠢᠭ ᠢ ᠠᠰᠢᠭᠯᠠᠵᠤ ᠪᠦᠲᠦᠭᠡᠨ ᠪᠠᠶᠢᠭᠤᠯᠤᠭᠰᠠᠨ ᠦᠵᠡᠮᠵᠢ ᠶᠢᠨ ᠣᠷᠣᠨ ᠢᠶᠠᠷ ᠲᠥᠯᠥᠪᠦᠷᠢ ᠦᠭᠡᠢ ᠪᠠᠷ ᠲᠣᠭᠤᠷᠢᠨ ᠵᠤᠭᠠᠴᠠᠵᠤ ᠪᠤᠯᠤᠨ᠎ᠠ︔ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠦᠢᠳᠬᠡᠯ ᠬᠤᠷᠢᠶᠠᠬᠤ ᠦᠭᠡᠢ ᠪᠠᠷ ᠰᠠᠭᠤᠵᠤ ᠪᠣᠯᠣᠨ᠎ᠠ︾ ᠭᠡᠬᠦ ᠵᠡᠷᠭᠡ ᠠᠭᠤᠯᠭ᠎ᠠ ᠪᠦᠬᠦᠢ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      ᠣᠶᠢᠯᠠᠭᠠᠭᠰᠠᠨ ᠢᠶᠠᠷ᠂  ︽ᠪᠦᠭᠦ ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠪᠠᠨ ᠬᠠᠨᠳᠢᠪᠯᠠᠬᠰᠠᠳ ᠢ ᠬᠥᠬᠢᠭᠦᠯᠦᠨ ᠱᠠᠩᠨᠠᠬᠤ ᠠᠷᠭ᠎ᠠ ︵2022 ᠣᠨ ᠤ ᠬᠡᠪᠯᠡᠯ︶︾  ᠶᠢᠨ ᠱᠠᠭᠠᠷᠳᠠᠯᠭ᠎ᠠ ᠶᠣᠰᠣᠭᠠᠷ ᠪᠦᠭᠦ ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠪᠠᠨ ᠬᠠᠨᠳᠢᠪᠯᠡᠭ᠌ᠰᠠᠨ ᠱᠠᠩᠨᠠᠯ ᠬᠦᠷᠲᠡᠭᠰᠡᠳ᠂ ᠴᠢᠰᠤ ᠪᠦᠲᠦᠭᠡᠬᠦ ᠰᠤᠷᠪᠤᠯᠵᠢ ᠡᠰ ᠢᠶᠠᠨ ᠠᠮᠵᠢᠯᠲᠠ ᠲᠠᠢ ᠬᠠᠨᠳᠢᠪᠯᠡᠵᠤ᠂ ᠦᠨ᠎ᠡ ᠲᠥᠯᠥᠪᠦᠷᠢ ᠦᠭᠡᠢ ᠪᠠᠷ ᠴᠢᠰᠤ ᠪᠦᠲᠦᠭᠡᠬᠦ ᠰᠤᠷᠪᠤᠯᠵᠢ ᠡᠰ ᠢᠶᠠᠨ ᠬᠠᠨᠳᠢᠪᠯᠡᠭ᠌ᠰᠠᠨ ᠱᠠᠩᠨᠠᠯ ᠬᠦᠷᠲᠡᠭᠰᠡᠳ ᠰᠠᠶ᠋ᠢ ︽ᠬᠤᠶᠠᠷ ᠢ ᠬᠡᠯᠲᠦᠷᠢᠭᠦᠯᠬᠦ︾  ᠲᠥᠷᠥ ᠶᠢᠨ ᠪᠣᠳᠣᠯᠭ᠎ᠠ ᠶᠢ ᠭᠦᠷᠳᠡᠭᠦ ᠬᠢᠷᠢ ᠭᠡᠮ ᠲᠠᠢ ᠶᠤᠮ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ