ᠣᠷᠣᠨ ᠤ ᠲᠥᠪ  ᠤᠨ ᠡᠮᠡᠭᠲᠡᠶᠢᠴᠦᠳ ᠤᠨ ᠰᠠᠶᠢᠨ ᠳᠤᠷᠠᠴᠤᠤᠯ ᠤᠨ ᠦᠢᠯᠡᠴᠢᠯᠡᠭᠡᠨ ᠤ ᠬᠤᠯᠪᠤᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/10/27
      ᠣᠶᠢᠷ᠎ᠠ ᠳᠤ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠶᠤᠨ ᠤ  ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠵᠡᠷᠭᠡ ᠨᠢᠭᠡᠴᠢ ᠠᠴᠠ ᠭᠤᠣᠯᠯᠠᠨ ᠡᠷᠭᠢᠯᠡᠭᠰᠡᠨ ᠣᠷᠣᠨ ᠤ ᠲᠥᠪ ᠤᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠤᠭ᠎ᠠ ᠪᠠᠶᠢᠭᠤᠯᠬᠤ ᠬᠤᠷᠠᠯ ᠵᠢᠴᠢ ᠡᠮᠡᠭᠲᠡᠶᠢᠴᠦᠳ ᠬᠡᠦᠬᠡᠳ ᠲᠤ ᠪᠣᠳᠠᠲᠤ ᠶᠠᠪᠤᠳᠠᠯ ᠬᠢᠵᠦ ᠥᠭᠭᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠭᠦᠭᠡᠬᠤᠳᠠ ᠳᠤ ᠶᠠᠪᠤᠭᠳᠠᠵᠤ᠂ ᠣᠷᠣᠨ ᠤ ᠲᠥᠪ ᠤᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠤᠭ᠎ᠠ᠂ ᠭᠦᠭᠡᠬᠤᠲᠠ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ  ᠵᠢᠩᠬᠢᠨᠢ  ᠪᠠᠷ  ᠪᠠᠶᠢᠭᠤᠯᠤᠭᠳᠠᠪᠠ᠃      ᠲᠤᠬᠠᠢ ᠶᠢᠨ ᠲᠠᠯᠠᠪᠠᠢ ᠳᠤ᠂ ᠣᠷᠣᠨ ᠤ ᠲᠥᠪ  ᠤᠨ ᠡᠮᠡᠭᠲᠡᠶᠢᠴᠦᠳ ᠤᠨ ᠰᠠᠶᠢᠨ ᠳᠤᠷᠡᠴᠤᠤᠯ ᠤᠨ ᠦᠢᠯᠡᠴᠢᠯᠡᠭᠡᠨ ᠤ ᠬᠤᠯᠪᠤᠭ᠎ᠠ᠂ ᠭᠦᠭᠡᠬᠤᠲᠠ ᠶᠢᠨ ᠡᠮᠡᠭᠲᠡᠶᠢᠴᠦᠳ ᠤᠨ ᠰᠠᠶᠢᠨ ᠳᠤᠷᠡᠴᠤᠤᠯ ᠤᠨ ᠦᠢᠯᠡᠴᠢᠯᠡᠭᠡᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠥᠮᠥᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠡᠮᠡᠭᠲᠡᠢ ᠰᠠᠶᠢᠨ ᠳᠤᠷᠠᠴᠤᠤᠯ ᠤᠨ ᠲᠥᠯᠥᠭᠡᠯᠡᠭᠴᠢ ᠬᠠᠮᠲᠤ ᠪᠠᠷ ︽ᠪᠣᠯᠪᠠᠰᠤᠨ ᠢ ᠡᠭᠦᠳᠦᠨ ᠪᠠᠶᠢᠭᠤᠯᠬᠤ ᠳᠤ ᠡᠮᠡᠭᠲᠡᠶᠢᠴᠦᠳ ᠤᠷᠢᠳ ᠢᠶᠠᠷ ᠬᠥᠳᠡᠯᠦᠯᠴᠡᠬᠦ︾ ᠰᠠᠨᠠᠭᠠᠴᠢᠯᠠᠭ᠎ᠠ ᠭᠠᠷᠭᠠᠪᠠ ︔ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠠᠴᠠ ᠣᠷᠣᠨ ᠤ ᠲᠥᠪ ᠤᠨ 52 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ 14.5 ᠲᠦᠮᠡᠨ ᠲᠥᠭᠦᠷᠢᠭ ᠤᠨ ᠦᠷᠳᠡᠭ ᠪᠦᠬᠦᠢ ᠦᠨᠢᠶᠡᠨ ᠰᠦ ᠬᠦᠷᠭᠡᠵᠦ᠂ ᠡᠮᠡᠭᠲᠡᠶᠢᠴᠦᠳ ᠬᠡᠦᠬᠡᠳ ᠤᠨ ᠪᠠᠶᠢᠭᠤᠯᠤᠮᠵᠢ ᠳᠤ 8 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠡᠪᠠ᠃      ᠣᠷᠣᠨ ᠤ  ᠲᠥᠪ ᠤᠨ ᠡᠮᠡᠭᠲᠡᠶᠢᠴᠦᠳ ᠤᠨ ᠰᠠᠶᠢᠨ ᠳᠤᠷᠡᠴᠤᠤᠯ ᠤᠨ ᠦᠢᠯᠡᠴᠢᠯᠡᠭᠡᠨ ᠤ ᠬᠤᠯᠪᠤᠭ᠎ᠠ ᠪᠣᠯᠣᠨ ᠭᠦᠭᠡᠬᠤᠲᠠ ᠶᠢᠨ ᠡᠮᠡᠭᠲᠡᠶᠢᠴᠦᠳ ᠤᠨ ᠰᠠᠶᠢᠨ ᠳᠤᠷᠡᠴᠤᠤᠯ ᠤᠨ ᠦᠢᠯᠡᠴᠢᠯᠡᠭᠡᠨ ᠤ ᠨᠡᠶᠢᠭᠡᠮᠯᠢᠭ ᠤᠨ ᠪᠠᠶᠢᠭᠤᠯᠤᠭᠳᠠᠭᠰᠠᠨ ᠨᠢ ᠥᠪᠥᠷ ᠮᠣᠩᠭᠤᠯ ᠤᠨ ᠡᠮᠡᠭᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠨᠡᠶᠢᠭᠡᠮᠯᠢᠭ᠂ ᠡᠮᠡᠭᠲᠡᠢ ᠠᠵᠤ ᠠᠬᠤᠶᠢᠯᠠᠯᠲᠠᠳ ᠤᠨ ᠨᠡᠶᠢᠭᠡᠮᠯᠢᠭ᠂ ᠡᠮᠡᠭᠲᠡᠢ ᠠᠵᠤ ᠠᠬᠤᠶᠢᠯᠠᠯᠲᠠᠳ ᠤᠨ ᠬᠤᠳᠠᠯᠳᠤᠭᠠᠴᠢᠳ ᠤᠨ ᠡᠪᠯᠡᠯ ᠵᠡᠷᠭᠡ 40 ᠡᠮᠡᠭᠲᠡᠶᠢᠴᠦᠳ ᠤᠨ ᠨᠡᠶᠢᠭᠡᠮ ᠤᠨ ᠪᠦᠯᠭᠦᠮ ᠢ ᠨᠡᠩ ᠰᠠᠶᠢᠨ ᠬᠤᠯᠪᠣᠭᠠᠯᠠᠭᠤᠯᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ ᠨᠡᠩ ᠤᠯᠠᠨ ᠬᠠᠯᠠᠭᠤᠨ ᠰᠡᠳᠬᠢᠯᠲᠦ ᠬᠥᠮᠥᠰ ᠢ ᠬᠥᠲᠥᠯᠥᠨ ᠳᠠᠭᠠᠭᠤᠯᠵᠤ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠵᠤ᠂ ᠥᠷᠭᠡᠨ ᠤᠯᠠᠨ ᠡᠮᠡᠭᠲᠡᠶᠢᠴᠦᠳ ᠬᠡᠦᠬᠡᠳ ᠲᠤ ᠤᠨᠤᠯ ᠭᠦᠷᠭᠡᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠭᠦᠷᠭᠡᠭᠦ᠂ ᠤᠷ᠎ᠠ ᠮᠡᠷᠭᠡᠵᠢᠯ ᠭᠦᠷᠭᠡᠭᠦ᠂ ᠭᠡᠷ ᠤᠨ ᠪᠠᠭᠰᠢ ᠭᠦᠷᠭᠡᠭᠦ᠂ ᠬᠠᠤᠯᠢ ᠴᠠᠭᠠᠵᠠ ᠭᠦᠷᠭᠡᠭᠦ᠂ ᠬᠠᠶᠢᠷ᠎ᠠ ᠬᠠᠯᠠᠮᠵᠢ ᠭᠦᠷᠭᠡᠭᠦ᠂ ᠦᠢᠯᠡᠴᠢᠯᠡᠭᠡ ᠭᠦᠷᠭᠡᠭᠦ ᠵᠡᠷᠭᠡ ︽ᠠᠷᠪᠠ ᠶᠢ ᠭᠦᠷᠭᠡᠭᠦ︾ ᠠᠵᠢᠯᠯᠠᠭ᠎ᠠ ᠶᠢ ᠨᠡᠩ ᠥᠷᠭᠡᠨ ᠭᠦᠨᠵᠡᠭᠡᠢ ᠥᠷᠨᠢᠭᠦᠯᠵᠦ᠂ ᠡᠮᠡᠭᠲᠡᠶᠢᠴᠦᠳ ᠬᠡᠦᠬᠡᠳ ᠪᠠ ᠭᠡᠷ ᠪᠦᠯᠢ ᠶᠢᠨ ᠵᠣᠪᠠᠨᠢᠯ ᠪᠠ ᠬᠦᠰᠡᠯ ᠢ ᠣᠶᠢᠯᠠᠭᠠᠵᠤ᠂ ᠨᠠᠮ ᠤᠨ ᠳᠠᠭᠤᠨ᠂ ᠨᠠᠮ ᠤᠨ ᠬᠠᠯᠠᠮᠵᠢᠯᠠᠯ ᠢ ᠥᠷᠭᠡᠨ ᠤᠯᠠᠨ ᠲᠦᠮᠡᠨ ᠤ ᠳᠡᠷᠭᠡᠳᠡ ᠭᠦᠷᠭᠡᠭᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ