10 ᠰᠠᠷ᠎ᠠ ᠶᠢᠨ 27 ᠤ ᠡᠳᠦᠷ ᠬᠤᠷᠠᠯᠳᠤᠭᠰᠠᠨ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ︵61 ᠳ᠋ᠦ᠋ᠭᠡᠷ ᠲᠠᠯᠠᠪᠠᠢ︶ ᠳᠡᠭᠡᠷ᠎ᠡ᠂ ᠭᠦᠭᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠲᠠᠨ ᠶᠢᠨ ᠯᠦᠩ | ᠣᠶᠢᠷ᠎ᠠ ᠶᠢᠨ ᠬᠤᠭᠤᠴᠠᠭᠠᠨ ᠳᠤ ᠬᠤᠲᠠ ᠶᠢᠨ ᠠᠷᠠᠳ ᠤᠨ ᠲᠤᠰᠬᠠᠭᠰᠠᠨ ᠨᠣᠭᠤᠭ᠎ᠠ ᠬᠤᠳᠠᠯᠳᠤᠨ ᠠᠪᠬᠤ ᠳᠤ ᠬᠦᠴᠢᠷᠲᠡᠢ᠂ ᠨᠣᠭᠤᠭ᠎ᠠ ᠶᠢᠨ ᠦᠨ᠎ᠡ | ᠦᠨᠡᠲᠡᠢ ᠵᠡᠷᠭᠡ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢᠨ ᠠᠰᠠᠭᠤᠳᠠᠯ ᠤᠨ ᠲᠤᠬᠠᠢ ᠬᠠᠷᠢᠭᠤᠯᠲᠠ ᠥᠭᠪᠡ᠃ | ᠲᠠᠨ ᠶᠢᠨ ᠯᠦᠩ ᠢᠯᠡᠷᠬᠡᠶᠢᠯᠡᠬᠦ ᠳᠡᠭᠡᠨ᠂ ᠣᠳᠣᠬᠠᠨ ᠳᠤ ᠡᠶᠢᠮᠦ ᠠᠰᠠᠭᠤᠳᠠᠯ ᠨᠡᠬᠡᠷᠡᠨ ᠣᠷᠣᠰᠢᠵᠤ ᠪᠠᠶᠢᠨ᠎ᠠ᠃ ᠪᠢᠳᠡ ᠪᠠᠰᠠ ᠬᠢᠵᠢᠭ ᠤᠨ ᠪᠠᠶᠢᠳᠠᠯ ᠤᠨ | ᠬᠠᠩᠭᠠᠯᠭ᠎ᠠ ᠶᠢ ᠪᠠᠲᠤᠯᠠᠬᠤ ᠠᠵᠢᠯ ᠳᠤ ᠦᠵᠡᠭᠦᠯᠭᠦ ᠨᠥᠯᠥᠭᠡ ᠶᠢ ᠪᠦᠭᠦ ᠬᠦᠴᠦᠨ ᠢᠶᠠᠷ ᠢᠶᠠᠨ ᠠᠷᠭᠠᠴᠠᠭᠠᠵᠤ᠂ ᠠᠷᠭ᠎ᠠ ᠬᠡᠮᠵᠢᠶ᠎ᠡ ᠰᠤᠳᠤᠯᠵᠤ᠂ ᠬᠠᠮᠤᠭ ᠤᠨ | ᠶᠡᠭᠡ ᠴᠢᠷᠮᠠᠶᠢᠯᠭ᠎ᠠ ᠪᠠᠷ ᠢᠶᠠᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠳᠠᠷᠠᠭᠠᠬᠢ ᠬᠡᠳᠦᠨ ᠵᠦᠢᠯ ᠤᠨ ᠪᠣᠳᠠᠲᠠᠢ ᠠᠷᠭ᠎ᠠ | ᠬᠡᠮᠵᠢᠶ᠎ᠡ ᠶᠢ ᠠᠪᠤᠭᠰᠠᠨ ᠪᠠᠶᠢᠨ᠎ᠠ ᠭᠡᠵᠡᠢ᠄ | ᠨᠢᠭᠡ ᠳᠤ᠂ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠨᠡᠮᠡᠭᠳᠡᠭᠦᠯᠪᠡ᠃ ᠨᠢᠭᠡ ᠲᠠᠯ᠎ᠠ ᠪᠠᠷ᠂ ᠲᠣᠮᠣ ᠭᠡᠯᠪᠡᠷᠢ ᠶᠢᠨ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ | ᠪᠠᠷᠠᠭᠠᠨ ᠤ ᠢᠷᠡᠯᠲᠡ ᠶᠢᠨ ᠠᠷᠭ᠎ᠠ ᠵᠠᠮ ᠢ ᠥᠷᠭᠡᠳᠬᠡᠵᠦ᠂ ᠰᠢᠯᠵᠢᠭᠦᠯᠦᠨ ᠲᠡᠭᠡᠭᠡᠪᠦᠷᠢᠯᠡᠬᠦ ᠵᠠᠮ ᠱᠤᠭᠤᠮ ᠢ ᠨᠡᠮᠡᠭᠳᠡᠭᠦᠯᠦᠨ᠂ ᠰᠢᠯᠵᠢᠭᠦᠯᠦᠨ ᠲᠡᠭᠡᠭᠡᠪᠦᠷᠢᠯᠡᠬᠦ ᠶᠢᠨ | ᠰᠠᠭᠠᠳ ᠦᠭᠡᠢ ᠶᠠᠪᠤᠭᠳᠠᠬᠤ ᠶᠢ ᠪᠠᠲᠤᠯᠠᠵᠤ᠂ ᠣᠳᠣᠬᠠᠨ ᠳᠤ ᠪᠦᠭᠦ ᠬᠤᠲᠠ ᠶᠢᠨ ᠢᠳᠡᠰᠢᠨ ᠨᠣᠭᠤᠭ᠎ᠠ ᠶᠢᠨ ᠡᠳᠦᠷ ᠳᠤᠮᠳᠠᠴᠢ ᠶᠢᠨ ᠬᠠᠳᠠᠭᠠᠯᠠᠮᠵᠢ ᠶᠢᠨ | ᠬᠡᠮᠵᠢᠶ᠎ᠡ ᠶᠢ 800 ᠲᠣᠨ ᠣᠷᠴᠢᠮ ᠪᠠᠶᠢᠯᠭᠠᠵᠤ᠂ ᠵᠠᠰᠠᠭ ᠤᠨ ᠣᠷᠳᠣᠨ ᠠᠴᠠ 5400 ᠲᠣᠨ ᠣᠷᠴᠢᠮ ᠨᠥᠭᠡᠴᠡᠯᠡᠵᠦ᠂ ᠭᠦᠭᠡᠬᠤᠲᠠ ᠶᠢᠨ ᠢᠳᠡᠰᠢᠨ | ᠨᠣᠭᠤᠭ᠎ᠠ ᠶᠢᠨ ᠬᠠᠩᠭᠠᠯᠭ᠎ᠠ ᠶᠢᠨ ᠦᠨᠳᠦᠰᠦᠨ ᠦᠨ᠎ᠡ ᠶᠢ ᠪᠠᠲᠤᠯᠠᠵᠠᠢ︔ ᠠᠮᠤ ᠭᠤᠯᠢᠷ᠂ ᠢᠳᠡᠭᠡᠨ ᠤ ᠲᠣᠰᠣ᠂ ᠮᠢᠬᠠᠨ ᠤ ᠵᠦᠢᠯ ᠤᠨ ᠵᠠᠬ᠎ᠠ ᠳᠡᠯᠭᠡᠭᠦᠷ ᠤᠨ | ᠬᠥᠮᠥᠷᠭᠡ ᠶᠢᠨ ᠬᠠᠳᠠᠭᠠᠯᠠᠮᠵᠢ ᠲᠣᠰ ᠲᠣᠰ 3.6 ᠲᠦᠮᠡᠨ ᠲᠣᠨ᠂ 9000 ᠲᠣᠨ ᠪᠠ 2000 ᠲᠣᠨ ᠠᠴᠠ ᠳᠡᠭᠡᠭᠰᠢ ᠪᠠᠶᠢᠵᠤ᠂ ᠲᠣᠰ ᠲᠣᠰ 60 ᠡᠳᠦᠷ᠂ | 50 ᠡᠳᠦᠷ᠂ 20 ᠡᠳᠦᠷ ᠣᠷᠴᠢᠮ ᠤᠨ ᠵᠠᠬ᠎ᠠ ᠳᠡᠯᠭᠡᠭᠦᠷ ᠤᠨ ᠬᠡᠪ ᠤᠨ ᠬᠠᠩᠭᠠᠯᠭ᠎ᠠ ᠶᠢ ᠬᠠᠩᠭᠠᠵᠤ ᠳᠡᠶᠢᠯᠦᠨ᠎ᠡ᠃ ᠨᠥᠭᠦᠭᠡ ᠲᠠᠯ᠎ᠠ ᠪᠠᠷ᠂ ᠲᠣᠮᠣ ᠭᠡᠯᠪᠡᠷᠢ ᠶᠢᠨ | ᠬᠡᠯᠬᠢᠶ᠎ᠡ ᠭᠡᠲᠦ ᠳᠡᠯᠭᠡᠭᠦᠷ᠂ ᠵᠢᠵᠢᠭ ᠭᠡᠯᠪᠡᠷᠢ ᠶᠢᠨ ᠬᠤᠳᠠᠯᠳᠤᠭᠠᠨ ᠤ ᠭᠡᠲᠦ ᠳᠡᠯᠭᠡᠭᠦᠷ ᠢ ᠵᠢᠯᠣᠭᠤᠳᠤᠨ ᠥᠪᠡᠷ ᠤᠨ ᠬᠠᠩᠭᠠᠯᠭ᠎ᠠ ᠶᠢᠨ ᠬᠡᠯᠬᠢᠶ᠎ᠡ ᠶᠢ ᠨᠢ | ᠪᠠᠬᠢᠵᠢᠭᠦᠯᠵᠦ᠂ ᠪᠠᠷᠠᠭ᠎ᠠ ᠬᠠᠩᠭᠠᠬᠤ ᠠᠷᠭ᠎ᠠ ᠵᠠᠮ ᠢ ᠲᠣᠭᠲᠠᠪᠤᠷᠢᠵᠢᠭᠤᠯᠤᠨ᠂ ᠨᠢᠯᠬ᠎ᠠ ᠬᠡᠦᠬᠡᠳ ᠤᠨ ᠰᠦᠨ ᠲᠠᠯᠬ᠎ᠠ᠂ ᠠᠷᠢᠭᠤᠨ ᠴᠡᠪᠡᠷ ᠤᠨ ᠴᠠᠭᠠᠰᠤ ᠵᠡᠷᠭᠡ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠪᠠᠲᠤᠯᠠᠪᠠ᠃ | ᠬᠤᠶᠠᠷ ᠲᠤ᠂ ᠬᠠᠩᠭᠠᠯᠭ᠎ᠠ ᠶᠢ ᠪᠠᠲᠤᠯᠠᠬᠤ ᠠᠷᠭ᠎ᠠ ᠵᠠᠮ ᠢ ᠥᠷᠭᠡᠳᠬᠡᠪᠡ᠃ ᠨᠢᠭᠡ ᠲᠠᠯ᠎ᠠ ᠪᠠᠷ᠂ ᠲᠣᠮᠣ ᠭᠡᠯᠪᠡᠷᠢ ᠶᠢᠨ ᠬᠡᠯᠬᠢᠶ᠎ᠡ ᠭᠡᠲᠦ ᠳᠡᠯᠭᠡᠭᠦᠷ | ︵ᠲᠦᠭᠦᠬᠡᠢ ᠰᠣᠷᠭᠤᠭ ᠢᠳᠡᠭᠡᠨ ᠤ ᠭᠡᠲᠦ ᠳᠡᠯᠭᠡᠭᠦᠷ︶ ᠢ ᠨᠡᠭᠡᠭᠡᠵᠦ ᠪᠤᠯᠬᠤ ᠶᠢ ᠨᠢ ᠴᠥᠮ ᠨᠡᠭᠡᠭᠡᠵᠦ᠂ ᠡᠭᠦᠳᠡ ᠪᠠᠨ ᠬᠠᠭᠠᠭᠰᠠᠨ ᠴᠤ ᠠᠵᠢᠯ ᠢᠶᠠᠨ | ᠵᠣᠭᠰᠤᠭᠠᠬᠤ ᠦᠭᠡᠢ᠂ ᠰᠦᠯᠵᠢᠶᠡᠨ ᠳᠡᠭᠡᠷ᠎ᠡ ᠵᠠᠬᠢᠶᠠᠯᠠᠭ᠎ᠠ ᠲᠤᠰᠴᠤ᠂ ᠰᠦᠯᠵᠢᠶᠡᠨ ᠭᠠᠳᠠᠨ᠎ᠠ ᠪᠠᠷᠠᠭ᠎ᠠ ᠪᠦᠷᠢᠳᠦᠭᠦᠯᠦᠨ᠂ ᠲᠥᠪᠯᠡᠷᠡᠭᠦᠯᠦᠨ ᠵᠠᠬᠢᠶᠠᠯᠠᠵᠤ | ᠲᠥᠪᠯᠡᠷᠡᠭᠦᠯᠦᠨ ᠭᠦᠷᠭᠡᠭᠦ ᠬᠡᠷᠡᠭᠲᠡᠢ ᠭᠡᠵᠦ ᠱᠠᠭᠠᠷᠳᠠᠵᠠᠢ᠃ ᠪᠠᠢ ᠵᠢᠶᠠ ᠷᠦᠨ᠂ ᠢᠦᠢ ᠱᠧᠨ ᠤ 42 ᠰᠣᠷᠭᠤᠭ ᠢᠳᠡᠭᠡᠨ ᠤ ᠳᠡᠯᠭᠡᠭᠦᠷ ᠢ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠰᠦᠯᠵᠢᠶ᠎ᠡ ᠳᠤ ᠣᠷᠣᠭᠤᠯᠵᠤ᠂ ᠣᠲᠣ ᠪᠤᠯᠲᠠᠯ᠎ᠠ᠂ ᠵᠢᠶᠠ ᠵᠢᠶᠠ ᠶᠤᠸᠠᠢ᠂ ᠬᠤᠸᠠ ᠯᠢᠶᠠᠨ ᠵᠡᠷᠭᠡ | 9 ᠬᠡᠯᠬᠢᠶ᠎ᠡ ᠭᠡᠲᠦ ᠳᠡᠯᠭᠡᠭᠦᠷ᠂ ᠰᠣᠷᠭᠤᠭ ᠢᠳᠡᠭᠡᠨ ᠤ ᠳᠡᠯᠭᠡᠭᠦᠷ ᠤᠨ 91 ᠳᠡᠯᠭᠡᠭᠦᠷ ᠨᠢ 16 ᠲᠦᠮᠡ ᠠᠴᠠ ᠳᠡᠭᠡᠭᠰᠢ ᠵᠠᠬᠢᠶᠠᠯᠠᠭ᠎ᠠ ᠶᠢ ᠪᠡᠶᠡᠯᠡᠭᠦᠯᠵᠦ᠂ ᠡᠳᠦᠷ | ᠳᠤᠮᠳᠠᠴᠢ ᠶᠢᠨ ᠵᠠᠬᠢᠶᠠᠯᠠᠭ᠎ᠠ ᠶᠢᠨ ᠬᠡᠮᠵᠢᠶ᠎ᠡ 9000 ᠭᠠᠷᠤᠢ ᠪᠣᠯᠵᠤ᠂ ᠥᠩᠭᠡᠷᠡᠭᠰᠡᠨ ᠤ ᠬᠢ ᠠᠴᠠ 3 ᠳᠠᠭᠢᠨ ᠢᠯᠡᠭᠦᠦ ᠨᠡᠮᠡᠭᠳᠡᠵᠡᠢ᠃ ᠡᠭᠦᠨ ᠤ ᠬᠠᠮᠲᠤ᠂ | ᠬᠤᠲᠠ ᠶᠢᠨ ᠳᠥᠷᠪᠡᠨ ᠲᠣᠭᠤᠷᠢᠭ ᠤᠨ ᠵᠡᠭᠡᠯᠢ ᠳᠠᠭᠠᠤ ᠶᠢᠨ ᠢᠳᠡᠰᠢᠨ ᠨᠣᠭᠤᠭ᠎ᠠ ᠲᠣᠬᠢᠷᠠᠭᠤᠯᠤᠨ ᠭᠦᠷᠭᠡᠭᠦ ᠳᠡᠯᠭᠡᠭᠦᠷ ᠢ ᠡᠮᠬᠢ ᠵᠢᠷᠤᠮ ᠲᠠᠢ ᠨᠡᠭᠡᠭᠡᠵᠦ᠂ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢᠨ ᠳᠠᠷᠤᠯᠲᠠ ᠶᠢ ᠤᠯᠠᠮ ᠨᠢᠭᠡ ᠠᠯᠬᠤᠮ ᠬᠥᠩᠭᠡᠷᠡᠭᠦᠯᠪᠡ᠃ ᠬᠤᠲᠠ ᠶᠢᠨ ᠠᠷᠠᠳ ᠤᠨ | ᠣᠯᠠᠨ ᠶᠠᠩᠵᠤ ᠶᠢᠨ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ︽ᠵᠢᠩ ᠳ᠋ᠦᠩ ᠬᠤᠳᠠᠯᠳᠤᠭᠠᠨ ᠤ ᠬᠤᠲᠠ ︵ᠭᠦᠭᠡᠬᠤᠲᠠ ᠶᠢᠨ | ᠪᠠᠲᠤᠯᠠᠭ᠎ᠠ ᠬᠠᠩᠭᠠᠯᠭ᠎ᠠ ᠶᠢᠨ ᠲᠤᠰᠬᠠᠢ ᠬᠠᠷᠢᠶ᠎ᠠ︶︾᠂ ︽ᠠᠮᠲᠠᠲᠠᠢ ᠤᠭᠤᠲᠠ︾ ︽ᠪᠦᠦ ᠪᠧᠢ ᠢ ᠰᠢᠤᠸᠠᠨ︾ ᠵᠡᠷᠭᠡ ᠡᠯᠧᠺᠲᠷᠣᠨ ᠬᠤᠳᠠᠯᠳᠤᠭᠠᠨ ᠤ | ᠲᠠᠪᠴᠠᠩ ᠢ ᠰᠦᠯᠵᠢᠶᠡᠨ ᠳᠤ ᠣᠷᠣᠭᠤᠯᠵᠤ᠂ ᠡᠵᠡᠩᠨᠡᠯᠲᠡ ᠶᠢᠨ ᠬᠡᠪᠴᠢᠶᠡᠨ ᠳᠤ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠠᠷᠢᠭᠤᠨ ᠴᠡᠪᠡᠷ | ᠰᠤᠪᠢᠯᠠᠯᠲᠠ ᠶᠢᠨ ᠬᠡᠷᠡᠭᠰᠡᠯ᠂ ᠨᠢᠯᠬ᠎ᠠ ᠬᠡᠦᠬᠡᠳ ᠤᠨ ᠰᠦᠨ ᠲᠠᠯᠬ᠎ᠠ᠂ ᠡᠬᠡ ᠨᠢᠯᠬᠠᠰ ᠤᠨ ᠬᠡᠷᠡᠭᠯᠡᠭᠡᠨ ᠤ ᠵᠦᠢᠯ ᠵᠡᠷᠭᠡ ᠪᠤᠶ᠂ ᠬᠤᠲᠠ ᠶᠢᠨ ᠠᠷᠠᠳ | ᠭᠦᠭᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠸᠢᠴᠠᠲ ᠤᠨ ᠵᠢᠷᠭᠢᠶ᠎ᠡ ᠶᠢᠨ ᠳ᠋ᠤᠭᠠᠷ ᠢ ᠠᠩᠬᠠᠷᠴᠤ᠂ ᠳᠡᠭᠡᠷᠡᠬᠢ ᠲᠠᠪᠴᠠᠩ ᠤᠨ | ᠬᠤᠯᠪᠣᠭᠠᠰᠤ ᠶᠢ ᠨᠢ ᠬᠠᠶᠢᠵᠤ ᠪᠣᠯᠣᠨ᠎ᠠ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠵᠢᠵᠢᠭ | ᠭᠡᠯᠪᠡᠷᠢ ᠶᠢᠨ ᠬᠤᠳᠠᠯᠳᠤᠭᠠᠨ ᠤ ᠭᠡᠲᠦ ᠳᠡᠯᠭᠡᠭᠦᠷ ᠨᠢ ᠢᠳᠡᠰᠢᠨ ᠨᠣᠭᠤᠭ᠎ᠠ ᠶᠢᠨ ᠪᠣᠭᠤᠳᠠᠯ ᠬᠠᠩᠭᠠᠬᠤ ᠠᠴᠠ ᠭᠠᠳᠠᠨ᠎ᠠ᠂ ᠪᠠᠰᠠ ᠡᠳᠦᠷ ᠲᠤᠲᠤᠮ ᠤᠨ | ᠬᠡᠷᠡᠭᠯᠡᠭᠡᠨ ᠤ ᠵᠦᠢᠯ ᠢ ᠬᠠᠩᠭᠠᠬᠤ ᠪᠠ ᠲᠣᠬᠢᠷᠠᠭᠤᠯᠤᠨ ᠭᠦᠷᠭᠡᠭᠦ ᠡᠷᠴᠢᠮ ᠢᠶᠠᠨ ᠴᠢᠩᠭᠠᠷᠠᠭᠤᠯᠪᠠ᠃ | ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠪᠠ᠃ ᠨᠢᠭᠡ ᠲᠠᠯ᠎ᠠ ᠪᠠᠷ᠂ ᠬᠢᠵᠢᠭ ᠤᠨ ᠪᠠᠶᠢᠳᠠᠯ ᠢ ᠴᠠᠭ ᠲᠤᠬᠠᠢ | ᠳᠤᠨᠢ ᠮᠥᠷᠳᠡᠨ ᠰᠤᠳᠤᠯᠤᠨ ᠮᠠᠭᠠᠳᠯᠠᠵᠤ᠂ ᠭᠠᠷᠴᠤ ᠮᠡᠳᠡᠭᠦ ᠬᠠᠩᠭᠠᠯᠭ᠎ᠠ ᠶᠢ ᠪᠠᠲᠤᠯᠠᠬᠤ ᠠᠶᠤᠯ ᠲᠦᠭᠰᠢᠭᠦᠷᠢ ᠳᠤ ᠴᠢᠭᠯᠡᠭᠦᠯᠦᠨ᠂ ᠡᠯ᠎ᠡ ᠵᠦᠢᠯ ᠤᠨ ᠪᠡᠯᠡᠳᠬᠡᠯ | (ᠲᠥᠰᠥᠯ) ᠢ ᠲᠥᠷᠥᠯ ᠬᠤᠪᠢᠶᠠᠨ ᠲᠣᠭᠲᠠᠭᠠᠪᠠ᠂ ᠵᠢᠱᠢᠶᠡᠯᠡᠪᠡᠯ᠂ ︽ᠭᠠᠭ᠋ᠠᠢ ᠶᠢᠨ ᠮᠢᠬᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠡᠯᠡᠳᠬᠡᠯ | ᠲᠥᠰᠥᠯ︾᠂ ︽ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠪᠡᠯᠡᠳᠬᠡᠯ ᠲᠥᠰᠥᠯ︾᠂ ︽ᠢᠳᠡᠰᠢᠨ | ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠲᠥᠰᠥᠯ︾ ᠵᠡᠷᠭᠡ ᠪᠣᠯᠣᠨ᠎ᠠ᠃ ᠨᠥᠭᠦᠭᠡ ᠲᠠᠯ᠎ᠠ ᠪᠠᠷ᠂ ᠵᠠᠰᠠᠭ ᠤᠨ ᠣᠷᠳᠣᠨ | ᠤ ᠲᠣᠬᠢᠷᠠᠭᠤᠯᠬᠤ ᠦᠢᠯᠡᠳᠦᠯ ᠢ ᠪᠠᠳᠠᠷᠠᠭᠤᠯᠵᠤ᠂ ᠪᠦᠭᠦ ᠬᠤᠲᠠ ᠶᠢᠨ ᠭᠤᠣᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠪᠠᠴᠢᠮ | ᠪᠠᠶᠢᠳᠠᠯ ᠢ ᠠᠷᠭᠠᠴᠠᠭᠠᠨ ᠲᠣᠬᠢᠷᠠᠭᠤᠯᠤᠨ ᠲᠡᠭᠡᠭᠡᠪᠦᠷᠢᠯᠡᠬᠦ᠂ ᠪᠠᠷᠠᠭᠠᠨ ᠤ ᠭᠦᠢᠯᠭᠡᠭᠡ ᠶᠢ ᠲᠣᠬᠢᠷᠠᠭᠤᠯᠤᠨ ᠭᠦᠷᠭᠡᠭᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠡᠭᠦᠨ ᠤ ᠬᠠᠮᠲᠤ᠂ ᠮᠤᠵᠢ ᠶᠢᠨ | ᠬᠤᠭᠤᠷᠣᠨᠳᠣᠭᠢ ᠵᠠᠮ ᠬᠠᠷᠢᠯᠴᠠᠭᠠᠨ ᠤ ᠨᠡᠪᠲᠡᠷᠡᠬᠦ ᠦᠨᠡᠮᠯᠡᠯ ᠢ 820 ᠭᠠᠷᠤᠢ ᠭᠦᠢᠴᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ︽ᠪᠦᠭᠦ ᠬᠤᠲᠠ ᠶᠢᠨ ᠢᠳᠡᠰᠢᠨ ᠨᠣᠭᠤᠭ᠎ᠠ ᠶᠢᠨ ᠭᠤᠣᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ︾ ᠤᠨ ᠭᠡᠷᠡᠴᠢ | ᠦᠨᠡᠮᠯᠡᠯ ᠢ 90 ᠭᠠᠷᠤᠢ ᠬᠤᠪᠢ ᠲᠠᠷᠬᠠᠭᠠᠵᠤ᠂ ᠠᠵᠤ ᠠᠬᠤᠶᠢᠯᠠᠯ ᠤᠨ ᠬᠡᠪ ᠤᠨ ᠠᠵᠢᠯᠯᠠᠭᠠᠨ ᠢ ᠪᠠᠲᠤᠯᠠᠪᠠ᠃ | ᠳᠥᠷᠪᠡ ᠳᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠪᠠ᠃ ︽ᠭᠦᠭᠡᠬᠤᠲᠠ ᠶᠢᠨ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ | ᠪᠠᠲᠤᠯᠠᠬᠤ︾ ᠵᠢᠷᠭᠢᠶ᠎ᠡ ᠶᠢᠨ ᠬᠤᠯᠪᠤᠭ᠎ᠠ ᠪᠠᠶᠢᠭᠤᠯᠵᠤ᠂ ᠪᠦᠭᠦ ᠬᠤᠲᠠ ᠶᠢᠨ 200 ᠭᠠᠷᠤᠢ ᠢᠳᠡᠰᠢᠨ ᠨᠣᠭᠤᠭ᠎ᠠ ᠳᠠᠷᠢᠬᠤ ᠰᠠᠭᠤᠷᠢᠨ ᠬᠢᠭᠡᠳ 20 ᠭᠠᠷᠤᠢ | ᠭᠤᠣᠯᠳᠠᠯᠭ᠎ᠠ ᠲᠠᠢ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠰᠢᠭᠤᠳ ᠵᠣᠯᠭᠠᠯᠴᠠᠭᠤᠯᠪᠠ᠃ ᠡᠳᠦᠷ | ᠪᠦᠷᠢ 40 ᠭᠠᠷᠤᠢ ᠬᠡᠪᠴᠢᠶᠡᠲᠦ ᠢᠳᠡᠰᠢᠨ ᠨᠣᠭᠤᠭ᠎ᠠ ᠶᠢᠨ ᠰᠠᠭᠤᠷᠢᠨ ᠤ ᠪᠣᠷᠤᠯᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ | ᠬᠤᠷᠢᠶᠠᠩᠭᠤᠶᠢᠯᠠᠵᠤ᠂ ᠬᠤᠳᠠᠯᠳᠤᠭᠠᠨ ᠤ ᠭᠡᠲᠦ ᠳᠡᠯᠭᠡᠭᠦᠷ᠂ ᠰᠢᠭᠤᠳ ᠪᠣᠷᠤᠯᠠᠭᠤᠯᠭ᠎ᠠ ᠶᠢᠨ ᠲᠠᠪᠴᠠᠩ ᠵᠡᠷᠭᠡ ᠭᠠᠵᠠᠷ ᠤᠨ ᠢᠳᠡᠰᠢᠨ ᠨᠣᠭᠤᠭ᠎ᠠ ᠪᠣᠷᠣᠯᠠᠭᠤᠯᠬᠤ | ᠠᠵᠤ ᠠᠬᠤᠶᠢᠯᠠᠯ ᠳᠤ ᠴᠡᠭ ᠠᠴᠠ ᠴᠡᠭ ᠲᠤ ᠬᠦᠷᠭᠡᠨ ᠥᠭᠪᠡ᠃ 11 ᠣᠷᠣᠨ ᠨᠤᠲᠤᠭ ᠤᠨ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠪᠠᠲᠤᠯᠠᠬᠤ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠢᠳᠡᠰᠢᠨ ᠨᠣᠭᠤᠭ᠎ᠠ ᠶᠢᠨ ᠪᠣᠭᠤᠳᠠᠯ ᠭᠠᠷᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠢᠳᠡᠰᠢᠨ | ᠨᠣᠭᠤᠭ᠎ᠠ ᠶᠢᠨ ᠬᠠᠩᠭᠠᠯᠭ᠎ᠠ ᠶᠢ ᠪᠠᠲᠤᠯᠠᠪᠠ᠃ ᠣᠳᠣᠬᠠᠨ ᠳᠤ᠂ ᠡᠳᠦᠷ ᠪᠦᠷᠢ ᠶᠢᠨ ᠪᠠᠷᠠᠭ᠎ᠠ ᠬᠠᠩᠭᠠᠬᠤ ᠬᠡᠮᠵᠢᠶ᠎ᠡ 1 ᠲᠦᠮᠡᠨ ᠪᠣᠭᠤᠳᠠᠯ ( ᠬᠠᠶᠢᠷᠴᠠᠭ ) ᠪᠠᠶᠢᠵᠤ᠂ | ᠡᠳᠦᠷ ᠪᠦᠷᠢ ᠲᠤᠬᠠᠢ ᠶᠢᠨ ᠭᠠᠵᠠᠷ ᠤᠨ ᠢᠳᠡᠰᠢᠨ ᠨᠣᠭᠤᠭ᠎ᠠ ᠶᠢ 50 ᠲᠣᠨ ᠰᠢᠬᠠᠮ ᠬᠠᠩᠭᠠᠵᠤ ᠪᠠᠶᠢᠨ᠎ᠠ᠃ | ᠲᠠᠨ ᠶᠢᠨ ᠯᠦᠩ ᠭᠡᠯᠡᠭᠦ ᠳᠡᠭᠡᠨ᠂ ᠲᠠᠷᠠᠭᠠᠴᠢ ᠶᠢᠨ ᠠᠯᠬᠤᠮ ᠳᠤ ᠪᠢᠳᠡ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠣᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠪᠠᠶᠢᠳᠠᠯ ᠢ ᠨᠠᠷᠢᠯᠢᠭ ᠠᠩᠬᠠᠷᠴᠤ᠂ ᠥᠷᠭᠡᠨ ᠤᠯᠠᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠲᠠᠢ ᠬᠠᠮᠲᠤ ᠪᠠᠷ ᠬᠦᠴᠢᠷᠳᠡᠯ ᠢ ᠢᠯᠠᠨ | ᠳᠠᠪᠠᠵᠤ᠂ ᠬᠤᠳᠠ ᠶᠢᠨ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ ᠭᠡᠵᠡᠢ᠃ | | |