ᠭᠦᠭᠡᠬᠤᠲᠠ᠄ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭᠯᠠᠵᠤ ᠡᠪᠡᠳᠴᠢᠲᠡᠨ ᠢ ᠭᠥᠯᠢᠶᠡᠨ ᠠᠪᠬᠤ ᠦᠭᠡᠢ ᠪᠠᠶᠢᠵᠤ ᠪᠤᠯᠬᠤ ᠦᠭᠡᠢ
ᠨᠡᠶᠢᠲᠡᠯᠡᠭᠰᠡᠨ ᠴᠠᠭ᠄
2022/10/30
      ᠰᠤᠷᠪᠤᠯᠵᠢᠯᠠᠬᠴᠢ 10 ᠰᠠᠷ᠎ᠠ ᠶᠢᠨ 29  ᠤ ᠡᠳᠦᠷ ᠬᠤᠷᠠᠯᠳᠤᠭᠰᠠᠨ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠭᠦᠭᠡᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠪᠤᠳᠠᠷ ᠡᠪᠡᠳᠴᠢᠨ ᠤ ᠡᠮᠨᠡᠯᠭᠡ ᠶᠢᠨ ᠬᠤᠷᠢᠶ᠎ᠠ ᠪᠣᠯᠣᠨ ᠭᠦᠭᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ︽ᠰᠢᠷ᠎ᠠ ᠺᠣᠳ᠋ ᠤᠨ ᠡᠮᠨᠡᠯᠭᠡ ᠶᠢᠨ ᠬᠤᠷᠢᠶ᠎ᠠ︾ ᠭᠡᠵᠦ ᠵᠢᠭᠠᠨ ᠲᠣᠭᠲᠠᠭᠠᠵᠤ᠂ ᠭᠦᠭᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠵᠢᠷᠮᠦᠰᠦᠨ ᠬᠥᠩᠭᠡᠵᠢᠭᠴᠢ ᠡᠮᠡᠭᠲᠡᠢ ᠪᠠ ᠬᠡᠦᠬᠡᠳ ᠢ ᠣᠨᠣᠰᠢᠯᠠᠨ ᠡᠮᠨᠡᠭᠦ ᠦᠢᠯᠡᠴᠢᠯᠡᠭᠡ ᠶᠢ ᠡᠭᠦᠷᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠪᠤᠳᠠᠷ ᠡᠪᠡᠳᠴᠢᠨ ᠤ ᠡᠮᠨᠡᠯᠭᠡ ᠶᠢᠨ ᠬᠤᠷᠢᠶ᠎ᠠ ᠨᠢ ᠪᠤᠰᠤᠳ ᠡᠪᠡᠳᠴᠢᠲᠡᠨ ᠤ ᠣᠨᠣᠰᠢᠯᠠᠨ ᠡᠮᠨᠡᠭᠦ ᠦᠢᠯᠡᠴᠢᠯᠡᠭᠡ ᠶᠢ ᠡᠭᠦᠷᠭᠡᠯᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠦᠭᠡᠬᠤᠲᠠ ᠶᠢᠨ ᠥᠨᠳᠥᠷ ︵ᠳᠤᠮᠳᠠ︶ ᠠᠶᠤᠯ ᠲᠦᠭᠰᠢᠭᠦᠷᠢ ᠶᠢᠨ ᠣᠷᠣᠨ᠂ ᠲᠤᠰᠠᠭᠠᠷᠯᠠᠬᠤ ᠲᠠᠯᠠᠪᠤᠷ ᠭᠠᠵᠠᠷ ᠵᠢᠴᠢ ᠡᠷᠡᠭᠦᠯ ᠮᠡᠨᠳᠦ ᠶᠢᠨ ᠺᠣᠳ᠋ ᠨᠢ ︽ᠰᠢᠷ᠎ᠠ ᠺᠣᠳ᠋︾ ᠪᠣᠯᠤᠭᠰᠠᠨ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠵᠤ ᠪᠤᠢ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠦᠭᠡᠢ ᠭᠡᠳᠡᠭ ᠢᠶᠠᠷ ᠰᠢᠯᠲᠠᠭᠯᠠᠵᠤ ᠡᠪᠡᠳᠴᠢᠲᠡᠨ ᠢ ᠭᠥᠯᠢᠶᠡᠨ ᠠᠪᠬᠤ ᠦᠭᠡᠢ ᠪᠠᠶᠢᠵᠤ ᠪᠤᠯᠬᠤ ᠦᠭᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠪᠤᠳᠠᠷ ᠡᠪᠡᠳᠴᠢᠨ ᠤ ᠡᠮᠨᠡᠯᠭᠡ ᠶᠢᠨ ᠬᠤᠷᠢᠶ᠎ᠠ ᠨᠢ ︽ᠰᠢᠷ᠎ᠠ ᠺᠣᠳ᠋︾ ᠤᠨ ᠡᠮᠨᠡᠯᠭᠡ ᠶᠢᠨ ᠬᠤᠷᠢᠶ᠎ᠠ ᠪᠣᠯᠤᠭᠰᠠᠨ ᠤ ᠬᠤᠪᠢ ᠳᠤ᠂ 10 ᠰᠠᠷ᠎ᠠ ᠶᠢᠨ 26  ᠤ ᠡᠳᠦᠷ ᠤᠨ 20 ᠴᠠᠭ ᠠᠴᠠ ᠡᠬᠢᠯᠡᠨ ᠡᠪᠡᠳᠴᠢᠲᠡᠨ ᠢ ᠭᠥᠯᠢᠶᠡᠨ ᠠᠪᠴᠤ ᠡᠮᠨᠡᠨ ᠵᠠᠰᠠᠵᠤ᠂ 22 ᠡᠪᠡᠳᠴᠢᠲᠡᠨ ᠤ ᠲᠣᠭᠤᠷᠢᠭ ᠢ ᠲᠥᠯᠥᠪᠵᠢᠭᠦᠯᠦᠨ ᠪᠠᠶᠢᠷᠢᠯᠠᠭᠤᠯᠵᠤ᠂ ᠣᠲᠣ ᠨᠢᠭᠡᠨᠲᠡ ᠲᠦᠷᠭᠡᠨ ᠡᠮᠨᠡᠭᠦ ᠰᠠᠯᠠᠭ᠎ᠠ ᠪᠠ 6 ᠡᠪᠡᠳᠴᠢᠲᠡᠨ ᠤ ᠲᠣᠭᠤᠷᠢᠭ ᠭᠠᠷᠭᠠᠵᠤ᠂ ᠲᠣᠰ ᠲᠣᠰ ᠶᠡᠷᠦᠩᠬᠡᠶᠢᠯᠡᠭᠰᠡᠨ ᠭᠠᠳᠠᠷ ᠡᠮᠨᠡᠯᠭᠡ ᠶᠢᠨ ᠡᠪᠡᠳᠴᠢᠲᠡᠨ ᠤ ᠲᠣᠭᠤᠷᠢᠭ 2᠂ ᠶᠡᠷᠦᠩᠬᠡᠶᠢᠯᠡᠭᠰᠡᠨ ᠳᠣᠲᠣᠷ ᠡᠮᠨᠡᠯᠭᠡ ᠶᠢᠨ ᠡᠪᠡᠳᠴᠢᠲᠡᠨ ᠤ ᠲᠣᠭᠤᠷᠢᠭ 2᠂ ᠬᠠᠪᠤᠳᠠᠷ ᠡᠪᠡᠳᠴᠢᠨ ᠤ ᠶᠡᠷᠦᠩᠬᠡᠶᠢᠯᠡᠭᠰᠡᠨ ᠳᠣᠲᠣᠷ ᠡᠮᠨᠡᠯᠭᠡ ᠶᠢᠨ ᠡᠪᠡᠳᠴᠢᠲᠡᠨ ᠤ ᠲᠣᠭᠤᠷᠢᠭ 1᠂ ᠣᠶᠤᠨ ᠮᠡᠳᠡᠷᠡᠯ ᠤᠨ ᠡᠪᠡᠳᠴᠢᠨ ᠤ ᠡᠪᠡᠳᠴᠢᠲᠡᠨ ᠤ ᠲᠣᠭᠤᠷᠢᠭ 1 ᠪᠠᠶᠢᠵᠤ᠂ ᠴᠥᠮ ᠲᠤᠰᠠᠭᠠᠷ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠨ᠎ᠠ᠃      ᠣᠳᠣᠬᠠᠨ ᠤ ᠨᠥᠬᠦᠴᠡᠯ ᠠᠴᠠ ᠦᠵᠡᠪᠡᠯ᠂ ᠡᠮᠨᠡᠯᠭᠡ ᠶᠢᠨ ᠬᠤᠷᠢᠶ᠎ᠠ ᠬᠡᠰᠡᠭ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠤ ᠮᠡᠰᠡ ᠵᠠᠰᠠᠯ ᠢ ᠡᠭᠦᠷᠭᠡᠯᠡᠵᠦ ᠴᠢᠳᠠᠨ᠎ᠠ᠃ ᠭᠦᠭᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠡᠯ᠎ᠡ ᠵᠦᠢᠯ ᠤᠨ ᠡᠮᠴᠢᠯᠡᠭᠡᠨ ᠤ ᠠᠪᠤᠷᠠᠨ ᠵᠠᠰᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃      ᠡᠪᠡᠳᠴᠢᠲᠡᠨ ᠰᠢᠷ᠎ᠠ ᠺᠣᠳ᠋ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠭᠦ ᠦᠶ᠎ᠡ ᠳᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ 120 ᠡᠮᠴᠢᠯᠡᠭᠡᠨ ᠤ ᠲᠦᠷᠭᠡᠨ ᠠᠪᠤᠷᠠᠯᠳᠠ ᠪᠠᠷ ᠲᠠᠮᠵᠢᠨ ᠲᠦᠷᠭᠡᠨ ᠡᠮᠨᠡᠭᠦ ᠰᠠᠯᠠᠭ᠎ᠠ ᠳᠤ ᠰᠢᠯᠵᠢᠭᠦᠯᠦᠨ ᠬᠦᠷᠭᠡᠵᠦ ᠡᠮᠨᠡᠨ ᠵᠠᠰᠠᠵᠤ ᠪᠤᠢ ︔ ᠬᠠᠪᠤᠳᠠᠷ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠭᠦ ᠡᠭᠦᠳᠡᠨ ᠡᠮᠨᠡᠯᠭᠡ ᠶᠢᠨ ᠡᠪᠡᠳᠴᠢᠲᠡᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠪᠣᠯᠵᠣᠵᠤ ᠣᠨᠣᠰᠢᠯᠠᠨ ᠡᠮᠨᠡᠭᠦ ᠰᠢᠰᠲ᠋ᠧᠮ ᠢᠶᠠᠷ ᠳᠡᠮᠵᠢᠨ᠂ ᠴᠠᠭ ᠬᠤᠪᠢᠶᠠᠨ ᠤᠷᠢᠳᠴᠢᠯᠠᠨ ᠪᠣᠯᠵᠣᠵᠤ ᠪᠣᠯᠣᠨ᠎ᠠ᠂ ᠭᠦᠭᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠭᠦ ᠡᠭᠦᠳᠡᠨ ᠡᠮᠨᠡᠯᠭᠡ ᠶᠢᠨ ᠡᠪᠡᠳᠴᠢᠲᠡᠨ ᠤᠷᠢᠳᠴᠢᠯᠠᠨ ᠪᠣᠯᠵᠣᠬᠤ ᠴᠢᠬᠤᠯᠠ ᠥᠭᠡᠶ ︔ ᠡᠭᠦᠳᠡᠨ ᠡᠮᠨᠡᠯᠭᠡ ᠶᠢᠨ ᠡᠪᠡᠳᠴᠢᠲᠡᠨ ᠴᠥᠮ ᠲᠤᠬᠠᠢ ᠶᠢᠨ ᠡᠳᠦᠷ ᠤᠨ ᠠᠨᠲ᠋ᠢᠪᠤᠳᠢ ᠶᠢᠨ ᠤᠷᠪᠠᠯ ᠤᠨ ᠪᠠᠶᠢᠴᠠᠭᠠᠨ ᠬᠡᠮᠵᠢᠯᠲᠡ ᠳᠤ ᠪᠢᠯᠢᠭ ᠴᠢᠨᠠᠷ ᠢᠯᠡᠷᠡᠭᠰᠡᠨ  ᠭᠡᠷᠡᠴᠢ ᠪᠠᠨ ᠬᠠᠩᠭᠠᠬᠤ ᠪᠤᠶᠤ ᠡᠮᠨᠡᠯᠭᠡ ᠶᠢᠨ ᠬᠤᠷᠢᠶᠠᠨ ᠳᠤ ᠡᠮᠨᠡᠭᠦᠯᠭᠦ ᠠᠴᠠ ᠡᠮᠦᠨ᠎ᠡ ᠠᠨᠲ᠋ᠢᠪᠤᠳᠢ ᠶᠢᠨ ᠤᠷᠪᠠᠯ ᠤᠨ ᠪᠠᠶᠢᠴᠠᠭᠠᠨ ᠬᠡᠮᠵᠢᠯᠲᠡ ᠬᠢᠬᠦ ᠭᠡᠷᠡᠭᠲᠡᠶ ︔ ᠡᠮᠨᠡᠯᠭᠡ ᠳᠤ ᠰᠠᠭᠤᠬᠤ ᠡᠪᠡᠳᠴᠢᠲᠡᠨ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ 24 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ ᠬᠡᠷᠡᠭᠲᠡᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ