ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠤᠭᠤᠳᠬᠤ ᠤᠩᠰᠢᠬᠤ ᠪᠢᠴᠢᠭ ᠢ ᠪᠡᠭᠡᠵᠢᠩ ᠳᠤ ᠠᠩᠬ᠎ᠠ ᠲᠠᠷᠬᠠᠭᠠᠪᠠ
ᠨᠡᠶᠢᠲᠡᠯᠡᠭᠰᠡᠨ ᠴᠠᠭ᠄
2022/10/30
      28 ᠤ ᠡᠳᠦᠷ ᠪᠡᠭᠡᠵᠢᠩ ᠤᠨ ᠨᠣᠮ ᠪᠢᠴᠢᠭ ᠤᠨ ᠶᠡᠭᠡ ᠠᠰᠠᠷ ᠲᠤ ᠶᠠᠪᠤᠭᠳᠠᠭᠰᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠤᠭᠤᠳᠬᠤ ᠤᠩᠰᠢᠬᠤ ᠪᠢᠴᠢᠭ ᠢ ᠠᠩᠬ᠎ᠠ ᠲᠠᠷᠬᠠᠭᠠᠬᠤ ᠶᠣᠰᠣᠯᠠᠯ ᠳᠡᠭᠡᠷ᠎ᠡ᠂ ᠠᠷᠠᠳ ᠤᠨ ᠬᠡᠪᠯᠡᠯ ᠤᠨ ᠬᠤᠷᠢᠶ᠎ᠠ᠂ ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ᠂ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠦᠭᠰᠡᠨ 6 ᠵᠦᠢᠯ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠤᠭᠤᠳᠬᠤ ᠤᠩᠰᠢᠬᠤ ᠪᠢᠴᠢᠭ ᠢ ᠥᠷᠭᠡᠨ ᠤᠯᠠᠨ ᠤᠩᠰᠢᠭᠴᠢᠳ ᠲᠤ ᠳᠡᠯᠭᠡᠨ ᠦᠵᠡᠭᠦᠯᠵᠦ᠂ ᠪᠦᠭᠦ ᠤᠯᠤᠰ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ ᠡᠷᠬᠡ ᠰᠦᠷ ᠲᠠᠢ᠂ ᠣᠨᠣᠪᠴᠢᠲᠠᠢ ᠤᠩᠰᠢᠬᠤ ᠪᠢᠴᠢᠭ ᠬᠠᠩᠭᠠᠵᠠᠢ᠃      ᠠᠷᠠᠳ ᠤᠨ ᠬᠡᠪᠯᠡᠯ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠲᠤᠰᠬᠠᠢ ᠳᠡᠪᠲᠡᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠤᠨ ᠲᠤᠰᠬᠠᠢ ᠳᠡᠪᠲᠡᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ᠤᠨ ᠡᠮᠬᠢᠳᠬᠡᠯ︾ ᠤᠨ ᠲᠤᠬᠠᠢ 3 ᠵᠦᠢᠯ ᠤᠨ 10 ᠬᠡᠪᠯᠡᠯ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ᠤᠨ ᠲᠤᠰᠬᠠᠢ ᠳᠡᠪᠲᠡᠷ ᠵᠢᠴᠢ ᠡᠮᠬᠢᠳᠬᠡᠯ ᠤᠨ ᠳᠡᠪᠲᠡᠷ ᠢ ᠬᠡᠪᠯᠡᠭᠦᠯᠪᠡ᠃ ᠶᠡᠭᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠨ ᠪᠢᠴᠢᠭᠰᠡᠨ 3 ᠵᠦᠢᠯ ᠤᠨ ᠡᠷᠬᠡ ᠰᠦᠷᠲᠦ ᠬᠠᠪᠰᠤᠷᠤᠨ ᠵᠢᠯᠤᠭᠤᠳᠬᠤ ᠤᠩᠰᠢᠬᠤ ᠪᠢᠴᠢᠭ᠂ ᠲᠤᠬᠠᠶᠢᠯᠠᠪᠠᠯ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠬᠠᠪᠰᠤᠷᠤᠨ ᠵᠢᠯᠤᠭᠤᠳᠬᠤ ᠤᠩᠰᠢᠬᠤ ᠪᠢᠴᠢᠭ︾᠂ ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ ᠪᠣᠯᠣᠨ ᠰᠤᠷᠤᠯᠴᠠᠯᠭ᠎ᠠ ᠶᠢᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠦᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠰᠤᠷᠤᠯᠴᠠᠯᠭ᠎ᠠ ᠶᠢᠨ ᠬᠠᠪᠰᠤᠷᠤᠨ ᠵᠢᠯᠤᠭᠤᠳᠬᠤ ᠵᠠᠭᠤᠨ ᠠᠰᠠᠭᠤᠯᠲᠠ︾᠂ ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠭᠰᠡᠨ ︽ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠲᠥᠰᠥᠯ ᠢ ᠰᠤᠷᠤᠯᠴᠠᠬᠤ ᠠᠰᠠᠭᠤᠯᠲᠠ ᠬᠠᠷᠢᠭᠤᠯᠲᠠ︾  ᠶᠢ ᠵᠡᠷᠭᠡ ᠪᠠᠷ ᠨᠡᠶᠢᠲᠡᠯᠡᠪᠡ᠃      ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠵᠢᠶᠠᠨ ᠴᠦᠨ ᠠᠴᠠ ᠢᠯᠡᠳᠬᠡᠬᠦ ᠳᠡᠭᠡᠨ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠤᠭᠤᠳᠬᠤ ᠤᠩᠰᠢᠬᠤ ᠪᠢᠴᠢᠭ ᠢ ᠬᠡᠪᠯᠡᠨ ᠲᠠᠷᠬᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠵᠣᠬᠢᠶᠠᠨ ᠪᠠᠶᠢᠭᠤᠯᠵᠤ᠂ ᠬᠠᠮ ᠵᠠᠭᠤᠴᠢᠯᠠᠭᠤᠷ ᠤᠨ ᠬᠡᠪᠯᠡᠯ ᠢ ᠢᠳᠡᠪᠬᠢᠲᠡᠢ ᠰᠦᠪᠡᠭᠴᠢᠯᠡᠵᠦ᠂ ᠪᠦᠭᠦ ᠠᠷᠭ᠎ᠠ ᠵᠠᠮ ᠢᠶᠠᠷ ᠪᠦᠭᠦᠨ ᠢ ᠪᠦᠷᠭᠦᠭᠦᠯᠭᠦ ᠶᠢ ᠪᠡᠶᠡᠯᠡᠭᠦᠯᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠤᠭᠤᠳᠬᠤ ᠤᠩᠰᠢᠬᠤ ᠪᠢᠴᠢᠭ ᠢ ᠴᠠᠭ ᠲᠤᠬᠠᠢ ᠳᠤᠨᠢ ᠪᠦᠭᠦ ᠤᠯᠤᠰ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠭᠠᠷ ᠲᠤ ᠬᠦᠷᠭᠡᠵᠦ᠂ ᠪᠦᠭᠦ ᠤᠯᠤᠰ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠨ᠎ᠠ ᠭᠡᠵᠦ ᠢᠯᠡᠳᠬᠡᠪᠡ᠃      ᠲᠠᠨᠢᠯᠴᠠᠭᠤᠯᠤᠭᠰᠠᠨ ᠢᠶᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠢᠴᠢᠭ ᠮᠠᠲ᠋ᠧᠷᠢᠶᠠᠯ ᠵᠢᠴᠢ ᠰᠤᠷᠤᠯᠴᠠᠯᠭ᠎ᠠ ᠶᠢ ᠬᠠᠪᠰᠤᠷᠤᠨ ᠵᠢᠯᠤᠭᠤᠳᠬᠤ ᠨᠣᠮ ᠪᠢᠴᠢᠭ ᠤᠨ ᠲᠣᠭᠠᠴᠢᠯᠠᠭᠰᠠᠨ ᠬᠡᠪᠯᠡᠯ ᠤᠨ ᠪᠦᠲᠦᠭᠡᠭᠳᠡᠬᠦᠨ ᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠲᠠᠪᠴᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠨᠤᠯ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠵᠡᠷᠭᠡ ᠤᠯᠠᠨ ᠰᠦᠯᠵᠢᠶᠡᠨ ᠤ ᠲᠠᠪᠴᠠᠩ ᠳᠤ ᠵᠡᠷᠭᠡ ᠪᠠᠷ ᠨᠡᠶᠢᠲᠡᠯᠡᠪᠡ᠃          ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 28  ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ