ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵64 ᠳ᠋ᠦ᠋ᠭᠡᠷ ᠲᠠᠯᠠᠪᠠᠢ︶ ᠠᠴᠠ | ᠣᠶᠢᠯᠠᠭᠠᠭᠰᠠᠨ ᠢᠶᠠᠷ᠂ 10 ᠰᠠᠷ᠎ᠠ ᠶᠢᠨ 30 ᠤ ᠡᠳᠦᠷ ᠠᠴᠠ ᠡᠬᠢᠯᠡᠨ᠂ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠤᠭᠤᠳᠬᠤ ᠭᠠᠵᠠᠷ ᠠᠴᠠ ᠬᠤᠲᠠ ᠶᠢᠨ ᠳᠥᠷᠪᠡᠨ ᠲᠣᠭᠤᠷᠢᠭ ᠵᠢᠴᠢ ᠲᠦᠮᠡᠳ ᠵᠡᠭᠦᠨ ᠬᠤᠰᠢᠭᠤᠨ ᠤ ᠵᠢᠨᠴᠤᠸᠠᠨ ᠣᠷᠣᠨ ᠪᠦᠰᠡ ᠶᠢᠨ ᠬᠡᠪᠴᠢᠶᠡᠨ ᠳᠤ | ᠭᠡᠯᠪᠡᠷᠢ ᠠᠭᠤᠯᠭ᠎ᠠ ᠨᠢᠭᠡᠳᠦᠯᠲᠡᠢ ᠲᠡᠷᠭᠡ ᠨᠡᠪᠲᠡᠷᠡᠬᠦ ᠦᠨᠡᠮᠯᠡᠯ ᠢ ᠦᠢᠯᠡᠳᠦᠨ ᠲᠠᠷᠬᠠᠭᠠᠵᠤ᠂ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠬᠤᠲᠠ ᠶᠢᠨ ᠬᠡᠪ ᠤᠨ ᠠᠵᠢᠯᠯᠠᠭᠠᠨ ᠢ ᠪᠠᠲᠤᠯᠠᠬᠤ᠂ ᠬᠤᠲᠠ ᠶᠢᠨ ᠠᠷᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠶᠢ ᠪᠠᠲᠤᠯᠠᠬᠤ᠂ ᠦᠨᠳᠦᠰᠦᠨ | ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠡᠷᠭᠡ ᠬᠥᠰᠬᠡ ᠶᠢᠨ ᠠᠵᠢᠯ ᠤᠨ ᠬᠤᠭᠤᠴᠠᠭᠠᠨ ᠳᠤ | ᠵᠠᠮ ᠳᠤ ᠭᠠᠷᠴᠤ ᠨᠡᠪᠲᠡᠷᠡᠬᠦ ᠶᠢ ᠪᠠᠲᠤᠯᠠᠬᠤ ᠳᠤ ᠬᠡᠷᠡᠭᠯᠡᠵᠦ᠂ ᠣᠯᠠᠨ ᠦᠨᠡᠮᠯᠡᠯ ᠢ ᠵᠡᠷᠭᠡ ᠪᠠᠷ ᠬᠡᠷᠡᠭᠯᠡᠭᠰᠡᠨ ᠠᠴᠠ ᠪᠣᠯᠤᠭᠰᠠᠨ ᠬᠠᠮᠢᠶᠠᠷᠤᠯᠲᠠ ᠳᠤ ᠠᠰᠢᠭ ᠦᠭᠡᠢ | ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ ᠤᠤᠯ ᠤᠨ ᠬᠡᠷᠡᠭᠵᠢᠭᠦᠯᠵᠦ ᠪᠠᠶᠢᠭ᠎ᠠ ᠨᠡᠪᠲᠡᠷᠡᠬᠦ ᠦᠨᠡᠮᠯᠡᠯ ᠢ ᠲᠣᠰ ᠡᠳᠦᠷ ᠠᠴᠠ ᠡᠬᠢᠯᠡᠨ ᠬᠡᠷᠡᠭᠯᠡᠬᠦ ᠶᠢ | ᠵᠣᠭᠰᠣᠭᠠᠵᠤ᠂ ᠰᠢᠨ᠎ᠡ ᠨᠡᠪᠲᠡᠷᠡᠬᠦ ᠦᠨᠡᠮᠯᠡᠯ ᠢ 10 ᠰᠠᠷ᠎ᠠ ᠶᠢᠨ 30 ᠤ ᠡᠳᠦᠷ ᠤᠨ 18 ᠴᠠᠭ ᠠᠴᠠ ᠡᠬᠢᠯᠡᠨ ᠵᠢᠩᠬᠢᠨᠢ ᠪᠠᠷ ᠬᠡᠷᠡᠭᠯᠡᠪᠡ᠃ | ᠭᠦᠭᠡᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠸᠠᠩ ᠶᠦᠩ᠂ ᠲᠠᠷᠠᠭᠠᠴᠢ ᠶᠢᠨ | ᠠᠯᠬᠤᠮ ᠳᠤ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠲᠡᠷᠭᠡ ᠨᠡᠪᠲᠡᠷᠡᠬᠦ ᠦᠨᠡᠮᠯᠡᠯ ᠤᠨ ︽ᠭᠠᠷᠬᠤ ᠪᠣᠭᠤᠮᠲᠠ︾ ᠶᠢ ᠴᠢᠩᠭ᠎ᠠ ᠡᠵᠡᠮᠳᠡᠵᠦ᠂ ︽ᠨᠢᠭᠡ ᠲᠡᠷᠭᠡ ᠨᠢᠭᠡ | ᠦᠨᠡᠮᠯᠡᠯ ᠲᠠᠢ ᠪᠠᠶᠢᠬᠤ᠂ ᠲᠡᠷᠭᠡ ᠦᠨᠡᠮᠯᠡᠯ ᠬᠠᠷᠢᠯᠴᠠᠨ ᠵᠣᠬᠢᠴᠠᠯᠳᠤᠬᠤ᠂ ᠨᠢᠭᠡ ᠨᠢᠭᠡ ᠬᠠᠷᠢᠯᠴᠠᠨ ᠬᠠᠷᠠᠭᠠᠯᠵᠠᠬᠤ︾ ᠶᠢ ᠦᠨᠡᠨ ᠬᠦ ᠪᠠᠲᠤᠯᠠᠨ᠎ᠠ᠃ ᠠᠳᠡ ᠥᠷᠭᠡᠨ | ᠣᠯᠠᠨ ᠬᠤᠲᠠ ᠶᠢᠨ ᠠᠷᠠᠳ ᠪᠣᠯᠣᠨ ᠬᠤᠯᠪᠣᠭᠳᠠᠯ ᠪᠦᠬᠦᠢ ᠠᠵᠢᠯᠲᠠᠨ ᠳᠤ ᠰᠠᠨᠠᠭᠤᠯᠬᠤ ᠨᠢ᠂ ︽ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ︾ ᠢ ᠪᠤᠰᠤᠳ | ᠬᠥᠮᠥᠨ ᠳᠤ ᠵᠢᠭᠡᠯᠡᠭᠦᠯᠦᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ︽ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ︾ ᠢ ᠬᠡᠷᠡᠭᠯᠡᠨ ᠲᠡᠷᠭᠡ ᠵᠢᠯᠣᠭᠤᠳᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠡᠮᠨᠡᠭᠦᠯᠭᠦ᠂ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ᠂ ᠬᠤᠲᠠ ᠶᠢᠨ ᠠᠵᠢᠯᠯᠠᠭᠠᠨ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠲᠠᠢ ᠬᠠᠮᠢᠶ᠎ᠠ ᠦᠭᠡᠢ ᠠᠵᠢᠯ ᠬᠢᠬᠦ ᠶᠢ ᠴᠢᠩᠭ᠎ᠠ ᠴᠠᠭᠠᠵᠠᠯᠠᠨ᠎ᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ︽ᠡᠳᠦᠷ ᠪᠠᠶᠢᠴᠠᠭᠠᠵᠤ ᠰᠥᠨᠢ ᠲᠣᠭᠤᠷᠢᠨ ᠪᠠᠶᠢᠴᠠᠭᠠᠬᠤ︾ ᠳᠦᠷᠢᠮ ᠢ ᠬᠡᠷᠡᠭᠵᠢᠭᠦᠯᠵᠦ᠂ ᠵᠠᠮ ᠤᠨ ᠬᠠᠮᠢᠶᠠᠷᠤᠨ ᠡᠵᠡᠮᠳᠡᠯᠲᠡ ᠶᠢ ᠴᠢᠩᠳᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠦᠨᠡᠨ ᠬᠦ ᠭᠠᠳᠠᠭᠰᠢ ᠭᠠᠷᠬᠤ ᠴᠢᠬᠤᠯᠠᠲᠠᠢ ᠬᠥᠮᠥᠰ ᠤᠨ ︽ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ︾ ᠢ | ᠪᠠᠶᠢᠴᠠᠭᠠᠨ ᠰᠢᠯᠭᠠᠨ᠎ᠠ ︔ ᠵᠠᠮ ᠳᠡᠭᠡᠷ᠎ᠡ ᠭᠠᠷᠬᠤ ᠴᠢᠬᠤᠯᠠ ᠦᠭᠡᠢ ᠲᠡᠷᠭᠡ ᠶᠢ ᠢᠳᠬᠠᠵᠤ ᠪᠤᠴᠠᠭᠠᠨ᠎ᠠ ︔ ᠨᠡᠪᠳᠡᠷᠡᠭᠦ ᠦᠨᠡᠮᠯᠡᠯ ᠢ ᠬᠠᠭᠤᠷᠮᠠᠭᠯᠠᠨ ᠵᠣᠬᠢᠶᠠᠵᠤ | ᠳᠤᠷ᠎ᠠ ᠪᠠᠷ ᠢᠶᠠᠨ ᠬᠡᠷᠡᠭᠯᠡᠬᠦ᠂ ᠲᠣᠭᠲᠠᠭᠠᠯ ᠠᠴᠠ ᠵᠥᠷᠢᠴᠡᠨ ᠠᠯᠪᠠ ᠪᠠᠷ ᠨᠡᠪᠲᠡᠷᠡᠬᠦ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠵᠠᠮ ᠬᠠᠷᠢᠯᠴᠠᠭᠠᠨ ᠤ | ᠴᠠᠭᠳᠠᠭ᠎ᠠ ᠶᠢᠨ ᠵᠢᠯᠣᠭᠤᠳᠤᠯᠭ᠎ᠠ ᠶᠢ ᠳᠠᠭᠠᠬᠤ ᠦᠭᠡᠢ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠴᠠᠭᠠᠵᠠ ᠶᠢ ᠦᠨᠳᠦᠰᠦᠯᠡᠨ | ᠰᠢᠢᠳᠬᠡᠨ᠎ᠡ ᠭᠡᠵᠦ ᠬᠡᠯᠡᠪᠡ᠃ | ᠸᠠᠩ ᠶᠦᠩ᠂ ᠥᠷᠭᠡᠨ ᠣᠯᠠᠨ ᠬᠤᠲᠠ ᠶᠢᠨ ᠠᠷᠠᠳ ᠬᠡᠷᠪᠡ ᠨᠡᠪᠲᠡᠷᠡᠬᠦ ᠦᠨᠡᠮᠯᠡᠯ ᠢ ᠰᠠᠷᠢᠭᠠᠯᠠᠭᠰᠠᠨ᠂ ᠬᠠᠭᠤᠷᠮᠠᠭᠯᠠᠨ ᠵᠣᠬᠢᠶᠠᠭᠰᠠᠨ᠂ ᠳᠤᠷ᠎ᠠ ᠪᠠᠷ ᠢᠶᠠᠨ | ᠬᠡᠷᠡᠭᠯᠡᠭᠰᠡᠨ ᠪᠤᠶᠤ ᠦᠨᠡᠮᠯᠡᠯ ᠦᠭᠡᠢ ᠮᠠᠰᠢᠨ ᠲᠡᠷᠭᠡ ᠵᠠᠮ ᠳᠤ ᠭᠠᠷᠤᠭᠰᠠᠨ ᠪᠠᠶᠢᠳᠠᠯ ᠢ ᠣᠯᠵᠤ ᠮᠡᠳᠡᠪᠡᠯ᠂ ᠵᠠᠭᠠᠯᠳᠤᠯᠭ᠎ᠠ ᠶᠢ ᠭᠥᠯᠢᠶᠡᠨ ᠠᠪᠴᠤ ᠳᠠᠷᠤᠶᠢᠬᠠᠨ | ᠰᠢᠢᠳᠪᠦᠷᠢᠯᠡᠬᠦ 12345 ᠤᠲᠠᠰᠤ ᠪᠠᠷ ᠢᠯᠡᠴᠢᠯᠡᠨ ᠮᠡᠳᠡᠭᠦᠯᠦᠭᠡᠷᠡᠢ᠂ ᠪᠢᠳᠡ ᠲᠡᠷᠡ ᠳᠠᠷᠤᠢ ᠳᠤᠨᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠨ ᠳᠤ | ᠬᠤᠯᠪᠣᠭᠳᠠᠭᠰᠠᠨ ᠴᠤ ᠲᠤᠶᠢᠯᠪᠤᠷᠢᠲᠠᠢ ᠪᠠᠶᠢᠴᠠᠭᠠᠨ᠎ᠠ ᠭᠡᠵᠦ ᠢᠯᠡᠳᠬᠡᠪᠡ᠃ |