ᠰᠢᠨ᠎ᠡ ᠪᠠᠷ ᠵᠠᠰᠠᠪᠤᠷᠢ ᠣᠷᠣᠭᠤᠯᠤᠭᠰᠠᠨ ᠮᠠᠯ ᠠᠵᠤ ᠠᠬᠤᠢ ᠶᠢᠨ ᠬᠠᠤᠯᠢ ᠳᠤ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/11/1
      ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠠᠴᠠ 30  ᠤ ᠡᠳᠦᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ᠮᠠᠯ ᠠᠵᠤ ᠠᠬᠤᠢ ᠶᠢᠨ ᠬᠠᠤᠯᠢ ᠶᠢ ᠪᠠᠲᠤᠯᠠᠪᠠ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠠᠬᠢᠭᠤᠯᠬᠤ ᠵᠡᠷᠭᠡ ᠲᠠᠯ᠎ᠠ ᠪᠠᠷ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢ ᠴᠢᠩᠭᠠᠳᠬᠠᠬᠤ ᠪᠣᠯᠣᠨ᠎ᠠ᠃      ᠮᠠᠯ ᠵᠢᠭᠦᠷᠲᠡᠨ ᠢ ᠲᠡᠵᠢᠭᠡᠨ ᠦᠷᠡᠵᠢᠭᠦᠯᠭᠦ ᠦᠢᠯᠡᠳᠪᠦᠷᠢᠯᠡᠯ ᠢ ᠵᠣᠷᠢᠭᠵᠢᠭᠤᠯᠤᠨ ᠳᠡᠮᠵᠢᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠲᠤᠪᠤᠶᠢᠯᠭᠠᠬᠤ ᠶᠢᠨ ᠲᠥᠯᠥᠭᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠮᠠᠯ ᠠᠵᠤ ᠠᠬᠤᠢ ᠶᠢᠨ ᠬᠠᠤᠯᠢ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠮᠠᠯ ᠠᠵᠤ ᠠᠬᠤᠢ ᠶᠢᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠪᠠᠯ ᠵᠣᠬᠢᠨ᠎ᠠ ᠭᠡᠵᠦ ᠲᠣᠳᠣᠷᠬᠠᠢ ᠲᠣᠭᠲᠠᠭᠠᠭᠰᠠᠨ ᠪᠥᠭᠡᠳ ᠤᠯᠤᠰ ᠠᠴᠠ ᠣᠲᠣ ᠦᠶ᠎ᠡ ᠶᠢᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠭᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠭᠦ ᠭᠠᠵᠠᠷ ᠢ ᠰᠣᠩᠭᠤᠬᠤ᠂ ᠪᠦᠲᠦᠭᠡᠨ ᠪᠠᠶᠢᠭᠤᠯᠬᠤ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠵᠢᠷᠤᠮᠯᠠᠬᠤ ᠭᠡᠷᠡᠭᠲᠡᠶ︔ ᠬᠠᠤᠯᠢ ᠲᠣᠭᠲᠠᠭᠠᠯ ᠠᠴᠠ ᠵᠥᠷᠢᠴᠡᠨ ᠲᠡᠵᠢᠭᠡᠬᠦ ᠶᠢ ᠴᠠᠭᠠᠵᠠᠯᠠᠭᠰᠠᠨ ᠣᠷᠣᠨ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠭᠦ ᠲᠠᠯᠠᠪᠠᠶ ᠶᠢ ᠪᠠᠶᠢᠭᠤᠯᠵᠤ ᠪᠤᠯᠬᠤ ᠦᠭᠡᠢ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ᠮᠠᠯ ᠠᠵᠤ ᠠᠬᠤᠢ ᠶᠢᠨ ᠬᠠᠤᠯᠢ ᠳᠤ ᠮᠠᠯ ᠵᠢᠭᠦᠷᠲᠡᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠲᠤᠬᠠᠢ ᠲᠣᠭᠲᠠᠭᠠᠯ ᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠡᠭᠦᠨ ᠳᠤ ᠤᠯᠤᠰ ᠠᠴᠠ ᠠᠷᠭ᠎ᠠ ᠬᠡᠮᠵᠢᠶ᠎ᠡ ᠠᠪᠴᠤ ᠮᠠᠯ ᠵᠢᠭᠦᠷᠲᠡᠨ ᠤ ᠬᠢᠵᠢᠭ ᠡᠪᠡᠳᠴᠢᠨ ᠢ ᠬᠢᠨᠠᠨ ᠭᠡᠮᠵᠢᠭᠦ᠂ ᠮᠠᠯ ᠵᠢᠭᠦᠷᠲᠡᠨ ᠤ ᠸᠠᠺᠼᠢᠨ ᠢ ᠰᠤᠳᠤᠯᠤᠨ ᠦᠢᠯᠡᠳᠭᠦ ᠶᠢ ᠴᠢᠩᠭᠠᠳᠬᠠᠬᠤ ᠠᠭᠤᠯᠭ᠎ᠠ ᠶᠢ ᠨᠡᠮᠡᠵᠦ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠭᠦ ᠳᠤ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠬᠤ ᠪᠠ ᠰᠢᠢᠳᠪᠦᠷᠢᠯᠡᠵᠦ ᠪᠤᠯᠬᠤ ᠦᠭᠡᠢ ᠭᠡᠵᠦ ᠲᠣᠳᠣᠷᠬᠠᠶᠢᠯᠠᠵᠤ᠂ ᠬᠤᠯᠪᠣᠭᠳᠠᠯ ᠪᠦᠬᠦᠢ ᠵᠦᠢᠯ ᠵᠤᠷᠪᠤᠰ ᠲᠠᠬᠢ︽ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠰᠢᠢᠳᠪᠦᠷᠢᠯᠡᠵᠦ ᠠᠰᠢᠭᠯᠠᠬᠤ︾ ᠭᠡᠳᠡᠭ ᠢ ︽ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ︾ ᠭᠡᠵᠦ ᠵᠠᠰᠠᠪᠠ᠃      ᠨᠤᠲᠤᠭ ᠪᠡᠯᠴᠢᠭᠡᠷ ᠤᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠲᠠᠢ ᠵᠣᠯᠭᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠮᠠᠯ ᠠᠵᠤ ᠠᠬᠤᠢ ᠶᠢᠨ ᠬᠠᠤᠯᠢ ᠳᠤ ᠪᠠᠰᠠ ᠮᠠᠯ ᠪᠡᠯᠴᠢᠭᠡᠷ ᠤᠨ ᠲᠡᠩᠴᠡᠭᠦᠷᠢ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠲᠣᠭᠲᠠᠭᠠᠯ ᠢ ᠨᠡᠮᠡᠪᠡ᠃ ᠤᠯᠤᠰ ᠠᠴᠠ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ᠂ ᠤᠯᠠᠷᠢᠯ ᠤᠨ ᠴᠢᠨᠠᠷᠲᠠᠢ ᠮᠠᠯᠵᠢᠬᠤ᠂ ᠲᠣᠭᠤᠷᠢᠭ ᠬᠤᠪᠢᠶᠠᠨ ᠡᠭᠡᠯᠵᠢᠯᠡᠨ ᠮᠠᠯᠵᠢᠬᠤ ᠵᠡᠷᠭᠡ ᠲᠡᠵᠢᠭᠡᠬᠦ ᠭᠡᠯᠪᠡᠷᠢ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠮᠠᠯ ᠰᠦᠷᠦᠭ ᠢ ᠵᠦᠢ ᠵᠣᠬᠢᠰᠲᠠᠢ ᠲᠣᠬᠢᠷᠠᠭᠤᠯᠤᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠨ᠎ᠠ ᠭᠡᠵᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ