ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ
ᠨᠡᠶᠢᠲᠡᠯᠡᠭᠰᠡᠨ ᠴᠠᠭ᠄
2022/11/1
 — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ                  ︵2022 ᠣᠨ ᠤ 10 ᠰᠠᠷ᠎ᠠ ᠶᠢᠨ 16 ᠤ ᠡᠳᠦᠷ︶                            ᠰᠢ ᠶᠢᠨ ᠫᠢᠩ   ᠨᠥᠬᠦᠳ ᠠ᠋᠄       ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ ᠭᠢᠶ᠎ᠠ᠃       ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠣᠨ᠎ᠠ᠃       ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ᠃       ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ ᠲᠥᠯᠥᠭᠡ ᠴᠢᠷᠮᠠᠶᠢᠵᠤ ᠪᠠᠶᠢᠭ᠎ᠠ ᠪᠣᠯᠬᠤᠷ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ ᠬᠢᠵᠠᠭᠠᠯᠠᠰᠢ ᠦᠭᠡᠢ ᠢᠷᠠᠭᠤ ᠠᠯᠳᠠᠷᠲᠠᠢ ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭ᠎ᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠩ ᠭᠡᠷᠡᠯ ᠰᠠᠴᠤᠷᠠᠩᠭᠤᠢ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃       ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ       ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠦᠢᠯ ᠤᠨ ᠶᠡᠷᠦ ᠪᠤᠰᠤ ᠶᠢᠨ᠂ ᠲᠦᠢᠯ ᠤᠨ ᠵᠢᠷ ᠤᠨ ᠪᠤᠰᠤ ᠶᠢᠨ ᠲᠠᠪᠤᠨ ᠵᠢᠯ ᠮᠥᠨ ᠃ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠤᠯᠤᠭ᠎ᠠ ᠤᠳᠠᠭ᠎ᠠ ᠶᠢᠨ ᠪᠦᠭᠦᠳᠡ ᠬᠤᠷᠠᠯ ᠬᠢᠵᠦ᠂ ᠲᠤᠰ ᠲᠤᠰ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ  ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠲᠣᠭᠲᠠᠭᠠᠯ ᠪᠠ ᠰᠢᠢᠳᠪᠦᠷᠢ ᠭᠠᠷᠭᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠵᠠᠯᠭᠠᠭ᠎ᠠ ᠪᠠᠷ ᠲᠤᠯᠭᠠᠷᠠᠭᠰᠠᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠤᠷᠤᠭᠰᠢᠯᠠᠭᠤᠯᠪᠠ᠃       ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠳᠣᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠨ᠂ ᠪᠦᠭᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ᠂ ᠪᠦᠭᠦ ᠨᠠᠮ ᠢ ᠤᠷᠢᠶᠠᠯᠠᠨ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠰᠢᠨ᠎ᠡ ᠠᠶᠠᠨ ᠳᠤ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨ᠎ᠠ ᠪᠠᠨ ᠳᠠᠭᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ ᠠᠷᠠᠳ ᠤᠨ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠬᠤᠯᠠ ᠶᠡᠭᠡ ᠢᠳᠡᠪᠬᠢᠲᠡᠢ ᠦᠷ᠎ᠡ ᠪᠦᠲᠦᠭᠡᠯ ᠣᠯᠪᠠ᠃ ᠰᠢᠶᠠᠩᠭᠠᠩ ᠤᠨ ᠪᠠᠶᠢᠳᠠᠯ ᠤᠨ ᠲᠣᠭᠲᠠᠭᠤᠨ ᠪᠤᠰᠤ ᠬᠤᠪᠢᠷᠠᠯᠲᠠ ᠶᠢᠨ ᠡᠮᠦᠨ᠎ᠡ᠂ ᠪᠢᠳᠡ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠣᠨᠴᠠᠭᠠᠢ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠤᠯᠤᠰ ᠢᠶᠠᠨ ᠬᠠᠶᠢᠷᠠᠯᠠᠭᠴᠢᠳ ᠰᠢᠶᠠᠩᠭᠠᠩ ᠢ ᠵᠠᠰᠠᠬᠤ︾ ᠵᠠᠷᠴᠢᠮ ᠢ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ ᠣᠷᠣᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ ᠲᠣᠭᠲᠠᠭᠤᠨ ᠢᠶᠠᠨ ᠪᠠᠲᠤᠯᠠᠬᠤ ᠶᠢ ᠳᠡᠮᠵᠢᠪᠡ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠲᠠᠶᠢᠸᠠᠨ ᠤ ᠬᠡᠷᠡᠭ ᠶᠠᠪᠤᠳᠠᠯ ᠳᠤ ᠭᠠᠷ ᠲᠦᠷᠦᠭᠦ ᠬᠦᠨᠳᠦ ᠨᠣᠴᠢᠲᠠᠢ ᠥᠳᠥᠭᠡᠯᠭᠡ ᠶᠢᠨ ᠡᠮᠦᠨ᠎ᠡ᠂ ᠪᠢᠳᠡ ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠮᠠᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠡᠷᠡᠰ ᠵᠣᠷᠢᠭ ᠪᠠ ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠵᠦ᠂ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ ᠤᠯᠠᠮ ᠴᠢᠨᠠᠭᠰᠢᠳᠠ ᠡᠵᠡᠮᠰᠢᠵᠦ᠂ ᠳᠡᠯᠡᠬᠡᠢ ᠨᠡᠶᠢᠲᠡ ᠶᠢᠨ ᠨᠢᠭᠡ ᠯᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠪᠠ᠃ ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ ᠢᠯᠠᠩᠭᠤᠶ᠎ᠠ ᠭᠠᠳᠠᠭᠠᠳᠤ ᠶᠢᠨ ᠬᠢᠬᠠᠯᠲᠠ᠂ ᠰᠢᠬᠠᠯᠲᠠ᠂ ᠪᠢᠲᠡᠭᠦᠮᠵᠢᠯᠡᠯᠲᠡ᠂ ᠲᠦᠢᠯ ᠤᠨ ᠶᠡᠭᠡ ᠳᠠᠷᠤᠯᠲᠠ ᠶᠢᠨ ᠡᠮᠦᠨ᠎ᠡ᠂ ᠪᠢᠳᠡ ᠤᠯᠤᠰ ᠤᠨ ᠠᠰᠢᠭ ᠲᠤᠰᠠ ᠶᠢ ᠴᠢᠬᠤᠯᠠᠴᠢᠯᠠᠨ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭᠯᠡᠯ ᠠᠴᠠ ᠠᠶᠤᠬᠤ ᠦᠭᠡᠢ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠵᠦ᠂ ᠲᠡᠮᠡᠴᠡᠯ ᠤᠨ ᠳᠤᠮᠳᠠ ᠤᠯᠤᠰ ᠤᠨ ᠨᠡᠷ᠎ᠡ ᠬᠦᠨᠳᠦ ᠪᠠ ᠭᠤᠣᠯᠯᠠᠬᠤ ᠠᠰᠢᠭ ᠲᠤᠰᠠ ᠶᠢ ᠬᠠᠮᠠᠭᠠᠯᠠᠨ᠂ ᠮᠠᠨ ᠤ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠲᠠᠪᠤᠨ ᠵᠢᠯ ᠤᠨ ᠲᠤᠷᠰᠢ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭᠠᠨ ᠳᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠭᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃       ᠨᠥᠬᠦᠳ ᠠ᠋︕ ᠠᠷᠪᠠᠨ ᠨᠠᠢᠮᠠᠳᠤᠭᠠᠷ ᠶᠡᠭᠡ ᠬᠤᠷᠠᠯ ᠬᠤᠷᠠᠯᠳᠤᠭᠠᠳ ᠤᠳᠤ ᠪᠤᠯᠳᠠᠯ᠎ᠠ ᠠᠷᠪᠠᠨ ᠵᠢᠯ ᠪᠣᠯᠵᠤ ᠪᠠᠶᠢᠨ᠎ᠠ᠃ ᠠᠷᠪᠠᠨ ᠵᠢᠯ ᠤᠨ ᠲᠤᠷᠰᠢ᠂ ᠪᠢᠳᠡ ᠨᠠᠮ ᠪᠠ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠪᠡ᠄ ᠨᠢᠭᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠠᠪᠴᠢᠷᠠᠪᠠ᠂ ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠪᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠪᠠᠰᠠ ᠴᠤ ᠳᠡᠯᠡᠬᠡᠢ ᠳ᠋ᠠᠬᠢᠨ ᠳᠤ ᠠᠯᠤᠰ ᠭᠡᠳᠦ ᠶᠢᠨ ᠨᠥᠯᠥᠭᠡ ᠦᠵᠡᠭᠦᠯᠭᠦ ᠲᠡᠦᠬᠡᠲᠦ ᠴᠢᠨᠠᠷᠲᠠᠢ ᠢᠯᠠᠯᠲᠠ ᠮᠥᠨ᠃       ᠠᠷᠪᠠᠨ ᠵᠢᠯ ᠤᠨ ᠡᠮᠦᠨ᠎ᠡ᠂ ᠮᠠᠨ ᠤ ᠡᠮᠦᠨ᠎ᠡ ᠲᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ ᠣᠯᠵᠤ᠂ ᠪᠢᠳᠡᠨ ᠤ ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠭᠦᠨ ᠤ ᠬᠠᠮᠲᠤ ᠠᠯᠢ ᠤᠯᠠᠨ ᠤᠷᠳᠤ ᠬᠤᠭᠤᠴᠠᠭᠠᠨ ᠳᠤ ᠬᠤᠷᠠᠮᠳᠤᠭᠰᠠᠨ ᠵᠢᠴᠢ ᠰᠢᠨ᠎ᠡ ᠪᠠᠷ ᠢᠯᠡᠷᠡᠭᠰᠡᠨ ᠲᠣᠪᠤᠶᠢᠮ᠎ᠠ ᠵᠥᠷᠢᠴᠡᠯ ᠪᠠ ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠠᠶᠢᠵᠠᠢ᠃ ᠨᠠᠮ ᠤᠨ ᠳᠣᠲᠣᠭᠠᠳᠤ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ᠂ ᠠᠵᠢᠯᠯᠠᠭ᠎ᠠ ᠶᠢᠨ ᠬᠦᠴᠦᠨ ᠮᠡᠬᠦᠰ ᠪᠠᠶᠢᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠠᠯᠠᠷᠬᠠᠶᠢᠰᠢᠭᠰᠠᠨ᠂ ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠭᠤᠶᠢᠪᠢᠯᠵᠠᠵᠤ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ ᠱᠠᠮᠰᠢᠨ ᠢᠯᠵᠠᠷᠠᠬᠤ ᠠᠰᠠᠭᠤᠳᠠᠯ ᠬᠥᠮᠥᠰ ᠢ ᠰᠣᠴᠢᠭᠠᠮ᠎ᠠ ᠬᠡᠮᠵᠢᠶᠡᠨ ᠳᠤ ᠭᠦᠷᠴᠡᠢ︔ ᠠᠵᠤ ᠠᠬᠤᠢ ᠶᠢᠨ ᠪᠦᠲᠦᠴᠡ ᠶᠢᠨ ᠴᠢᠨᠠᠷᠲᠠᠢ ᠳᠦᠷᠢᠮ ᠤᠨ ᠴᠢᠨᠠᠷᠲᠠᠢ ᠵᠥᠷᠢᠴᠡᠯ ᠲᠣᠪᠤᠶᠢᠮ᠎ᠠ ᠪᠠᠶᠢᠵᠤ᠂ ᠬᠥᠭᠵᠢᠯᠲᠡ ᠲᠡᠩᠴᠡᠭᠦᠷᠢ ᠦᠭᠡᠢ᠂ ᠵᠣᠬᠢᠴᠠᠩᠭᠤᠢ ᠪᠤᠰᠤ᠂ ᠦᠷᠭᠦᠯᠵᠢᠯᠡᠬᠦ ᠪᠤᠰᠤ ᠪᠠᠶᠢᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠤ᠂ ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠠ ᠠᠰᠢᠭ ᠲᠤᠰᠠ ᠶᠢᠨ ᠬᠠᠲᠠᠭᠤ ᠰᠠᠭᠠᠳ ᠡᠳᠦᠷ ᠢᠷᠡᠬᠦᠶ᠎ᠡ ᠢᠯᠡᠷᠡᠵᠦ ᠪᠠᠶᠢᠪᠠ︔ ᠵᠠᠷᠢᠮ ᠬᠥᠮᠥᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯ ᠤᠨ ᠲᠤᠬᠠᠢ ᠢᠲᠡᠭᠡᠯ ᠮᠡᠬᠦᠰ᠂ ᠬᠠᠤᠯᠢ ᠪᠠᠶᠢᠲᠠᠯ᠎ᠠ ᠵᠢᠷᠤᠮᠯᠠᠬᠤ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠶᠢᠪᠠ︔ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠵᠤ ᠴᠡᠩᠬᠡᠬᠦ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠠ ᠲᠡᠦᠬᠡ ᠶᠢ ᠦᠭᠡᠶᠢᠰᠭᠡᠭᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠᠶᠢᠨ ᠪᠠᠶᠢᠨ ᠭᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡ ᠳᠤ ᠰᠠᠮᠠᠭᠤᠨ ᠦᠵᠡᠭᠳᠡᠯ ᠣᠯᠠᠰᠢᠷᠠᠵᠤ᠂ ᠬᠥᠮᠥᠰ ᠤᠨ ᠦᠵᠡᠯ ᠰᠠᠨᠠᠭ᠎ᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠢ ᠬᠦᠨᠳᠦ ᠨᠣᠴᠢᠲᠠᠢ ᠨᠥᠯᠥᠭᠡᠯᠡᠵᠦ ᠪᠠᠶᠢᠪᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠴᠥᠭᠡᠨ ᠪᠤᠰᠤ ᠪᠠᠭᠤᠷᠠᠢ ᠭᠤᠭᠴᠤᠭ᠎ᠠ ᠣᠷᠣᠰᠢᠵᠤ ᠪᠠᠶᠢᠪᠠ︔ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ ᠠᠰᠠᠭᠤᠳᠠᠯ ᠲᠣᠪᠤᠶᠢᠮ᠎ᠠ ᠪᠠᠶᠢᠪᠠ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ ᠲᠡᠭᠦᠯᠳᠡᠷᠵᠢᠭᠡᠳᠦᠢ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠴᠢᠩᠭ᠎ᠠ ᠪᠢᠰᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠪᠠ︔ ᠰᠢᠶᠠᠩᠭᠠᠩ᠂ ᠣᠣᠮᠧᠨ ᠤ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠨᠢ ᠪᠦᠷᠢᠨ ᠲᠡᠭᠦᠯᠳᠡᠷ ᠪᠢᠰᠢ ᠪᠠᠶᠢᠪᠠ︔ ᠤᠯᠤᠰ ᠤᠨ ᠠᠮᠤᠷ ᠲᠦᠪᠰᠢᠨ ᠬᠠᠲᠠᠭᠤ ᠴᠢᠩᠭ᠎ᠠ ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ ᠮᠡᠲᠦ᠃ ᠲᠤᠬᠠᠢ ᠶᠢᠨ ᠦᠶ᠎ᠡ ᠳᠤ᠂ ᠨᠠᠮ ᠤᠨ ᠳᠣᠲᠣᠭᠠᠳᠤ ᠪᠠ ᠨᠡᠶᠢᠭᠡᠮ ᠳᠡᠭᠡᠷᠡᠬᠢ ᠴᠥᠭᠡᠨ ᠪᠤᠰᠤ ᠬᠥᠮᠥᠰ ᠨᠠᠮ ᠪᠠ ᠤᠯᠤᠰ ᠤᠨ ᠢᠷᠡᠭᠡᠳᠦᠢ ᠳᠤ ᠶᠡᠬᠡᠳᠡ ᠰᠡᠳᠬᠢᠯ ᠵᠣᠪᠠᠨᠢᠵᠤ ᠪᠠᠶᠢᠪᠠ᠃ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠨᠥᠯᠥᠭᠡᠯᠡᠬᠦ ᠡᠳᠡᠭᠡᠷ ᠲᠣᠪᠤᠶᠢᠮ᠎ᠠ ᠵᠥᠷᠢᠴᠡᠯ ᠪᠠ ᠠᠰᠠᠭᠤᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ᠂ ᠡᠷᠡᠰ ᠰᠢᠭᠤᠷᠬᠠᠢ ᠪᠠᠷ ᠰᠣᠩᠭᠤᠯᠲᠠ ᠬᠢᠵᠦ᠂ ᠡᠷᠡᠰ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ ᠡᠷᠡᠰ ᠰᠢᠭᠤᠷᠬᠠᠢ ᠪᠠᠷ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠳᠠᠭᠤᠯᠪᠠ᠃       ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠣᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ ᠢᠷᠡᠭᠰᠡᠨ ᠠᠶᠤᠯ ᠲᠦᠭᠰᠢᠭᠦᠷᠢ ᠥᠷᠢᠰᠦᠯᠳᠦᠭᠡᠨ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠶᠢ ᠠᠬᠢᠭᠤᠯᠪᠠ᠃       — ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ ᠰᠢᠨ᠎ᠡ ᠶᠢ ᠡᠭᠦᠳᠭᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ ᠵᠢᠷᠤᠮᠯᠠᠯ ᠬᠠᠩᠭᠠᠪᠠ᠃       — ᠪᠢᠳᠡ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠰᠢᠰᠲ᠋ᠧᠮ ᠲᠠᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠪᠠᠲᠤᠯᠠᠵᠤ᠂ ᠨᠠᠮ ᠤᠨ ᠪᠦᠭᠦ ᠲᠠᠯ᠎ᠠ ᠶᠢ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠶᠢᠰᠦᠨ ᠮᠢᠩᠭ᠎ᠠ ᠵᠢᠷᠭᠤᠭᠠᠨ ᠵᠠᠭᠤ ᠭᠠᠷᠤᠢ ᠲᠦᠮᠡᠨ ᠨᠠᠮ ᠤᠨ ᠭᠡᠰᠢᠭᠦᠨ ᠲᠠᠢ ᠮᠠᠨ ᠤ ᠡᠨᠡ ᠬᠦ ᠮᠠᠷᠺᠰ ᠤᠨ ᠦᠵᠡᠯ ᠤᠨ ᠲᠦᠷᠤ ᠶᠢᠨ ᠨᠠᠮ ᠨᠡᠩ ᠢᠯᠡᠭᠦᠦ ᠪᠦᠯᠬᠦᠮᠳᠡᠨ ᠨᠢᠭᠡᠳᠪᠡ᠃       — ᠪᠢᠳᠡ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ  ᠶᠢ ᠳᠤᠷᠠᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠶᠢᠨ ᠬᠤᠭᠤᠷᠣᠨᠳᠣᠭᠢ ᠵᠥᠷᠢᠴᠡᠯ ᠮᠥᠨ ᠭᠡᠳᠡᠭ ᠢ ᠲᠣᠳᠣᠷᠬᠠᠶᠢᠯᠠᠭᠰᠠᠨ ᠪᠥᠭᠡᠳ ᠡᠨᠡ ᠬᠦ ᠨᠡᠶᠢᠭᠡᠮ ᠤᠨ ᠭᠤᠣᠯ ᠵᠥᠷᠢᠴᠡᠯ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠪᠡ᠃       — ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠨᠡᠩ ᠥᠨᠳᠥᠷ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠪᠢᠳᠡ ᠣᠨᠣᠴᠠᠲᠠᠢ ᠪᠠᠷ ᠶᠠᠳᠠᠭᠤ ᠶᠢ ᠲᠡᠳᠭᠦᠭᠦ᠂ ᠭᠠᠪᠰᠢᠭᠠᠢ ᠠᠩᠭᠢ ᠪᠠᠶᠢᠯᠳᠤᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠤᠨ 832 ᠶᠠᠳᠠᠭᠤ ᠬᠦᠴᠢᠷᠳᠡᠯᠲᠡᠢ ᠰᠢᠶᠠᠨ ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠤ 1 ᠳ᠋ᠦᠩᠰᠢᠭᠤᠷ ᠰᠢᠬᠠᠮ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ 960 ᠭᠠᠷᠤᠢ ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃       — ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠡᠷᠡᠭᠵᠢᠭᠦᠯᠵᠦ᠂ ᠠᠯᠢ ᠤᠯᠠᠨ ᠪᠦᠭᠦ ᠲᠠᠯ᠎ᠠ ᠶᠢᠨ ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ ᠦᠰᠦᠷᠦᠯᠲᠡ ᠳᠡᠭᠡᠭᠰᠢᠯᠡᠯᠲᠡ ᠶᠢ ᠪᠡᠶᠡᠯᠡᠭᠦᠯᠪᠡ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 54 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠬᠤᠪᠢ ᠶᠢᠨ ᠵᠢᠩ 18.5% ᠳᠤ ᠬᠦᠷᠴᠦ᠂ ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ᠂ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠪᠠ︔ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 39800 ᠲᠥᠭᠦᠷᠢᠭ ᠪᠠᠶᠢᠭᠰᠠᠨ ᠠᠴᠠ ᠪᠠᠨ 81000 ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠤᠨ ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠦᠲᠦᠮᠵᠢᠲᠡᠢ ᠪᠠᠲᠤᠯᠠᠭ᠎ᠠ ᠲᠠᠢ ᠪᠣᠯᠪᠠ᠃ ᠬᠤᠲᠠ ᠪᠠᠯᠭᠠᠰᠤᠵᠢᠯᠲᠠ ᠶᠢᠨ ᠨᠤᠷᠮ᠎ᠠ ᠵᠠᠭᠤᠨ ᠤ ᠬᠠᠷᠢᠴᠠᠯ ᠢᠶᠠᠷ 11.6 ᠬᠤᠪᠢ ᠳᠡᠭᠡᠭᠰᠢᠯᠡᠵᠦ᠂ 64.7% ᠳᠤ ᠭᠦᠷᠪᠡ᠃ ᠦᠢᠯᠡᠳᠭᠦ ᠦᠢᠯᠡᠰ ᠤᠨ ᠬᠡᠪᠴᠢᠶ᠎ᠡ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠲᠤ ᠪᠠᠲᠤᠲᠠᠢ ᠣᠷᠣᠪᠠ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ ᠲᠣᠣᠷ᠂ ᠨᠢᠰᠬᠡᠯ ᠤᠨ ᠪᠠᠭᠤᠳᠠᠯ ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠱᠠᠯᠠᠪᠳᠠᠭᠤᠯᠤᠨ ᠠᠬᠢᠭᠤᠯᠵᠤ᠂ ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠶᠢ 1 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ 28000 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ ᠣᠷᠣᠵᠤ᠂ ᠰᠤᠳᠤᠯᠤᠨ ᠨᠡᠭᠡᠭᠡᠬᠦ ᠠᠵᠢᠯᠲᠠᠨ ᠤ ᠶᠡᠷᠦᠩᠬᠡᠢ ᠬᠡᠮᠵᠢᠶ᠎ᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ ᠰᠠᠭᠤᠷᠢ ᠰᠤᠳᠤᠯᠭᠠᠨ ᠪᠠ ᠤᠤᠭᠠᠯ ᠰᠢᠨ᠎ᠡ ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ᠂ ᠭᠦᠨ ᠲᠠᠯᠠᠢ ᠭᠦᠨ ᠭᠠᠵᠠᠷ ᠢ ᠬᠠᠶᠢᠨ ᠭᠡᠮᠵᠢᠭᠦ᠂ ᠲᠡᠰ ᠠᠴᠠ ᠳᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ ᠤ ᠠᠶᠠᠯᠠᠯ ᠵᠠᠯᠠᠭᠤᠷ᠂ ᠺᠸᠠᠨ᠋ᠲ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ ᠮᠡᠷᠭᠡᠵᠢᠯ᠂ ᠰᠢᠨ᠎ᠡ ᠡᠨᠧᠷᠭᠢ ᠶᠢᠨ ᠮᠡᠷᠭᠡᠵᠢᠯ᠂ ᠲᠣᠮᠣ ᠨᠢᠰᠬᠡᠯ ᠦᠢᠯᠡᠳᠭᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃       — ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠲᠦᠭᠰᠢᠭᠦᠷᠢᠲᠤ ᠣᠷᠣᠨ ᠳᠤ ᠵᠣᠷᠢᠭᠲᠠᠢ ᠪᠠᠷ ᠰᠢᠪᠲᠤᠯᠤᠨ ᠣᠷᠣᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠠᠷᠲᠠᠭᠠᠲᠤ ᠭᠠᠵᠠᠷ ᠢ ᠲᠤᠭᠤᠯᠵᠤ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠰᠢᠪᠲᠤᠯᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯ᠎ᠡ ᠬᠦᠷᠢᠶᠡᠨ ᠤ ᠰᠠᠭᠤᠷᠢ ᠴᠢᠨᠠᠷᠲᠠᠢ ᠳᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠳᠠᠭᠢᠨ ᠱᠤᠭᠤᠯᠲᠠ᠂ ᠪᠦᠬᠦᠯᠢ ᠴᠣᠭᠴᠠᠲᠤ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠠᠩ ᠪᠣᠯᠪᠠᠰᠤᠷᠠᠩᠭᠤᠢ ᠨᠠᠩ ᠲᠥᠯᠥᠪᠰᠢᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ ᠳᠡᠭᠡᠭᠰᠢᠯᠡᠪᠡ᠃       — ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ᠃ ᠮᠠᠨ ᠤ ᠤᠯᠤᠰ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ ᠪᠣᠯᠵᠤ᠂ ᠪᠠᠷᠠᠭᠠᠨ ᠤ ᠠᠷᠠᠯᠵᠢᠶᠠᠨ ᠤ ᠶᠡᠷᠦᠩᠬᠡᠢ ᠲᠤᠭ᠎ᠠ ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠲᠠᠯ᠎ᠠ ᠪᠠᠷ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃       — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠨᠡᠩ ᠯᠠᠪᠳᠠᠭᠤᠨ ᠪᠠᠲᠤᠲᠠᠢ ᠪᠤᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠠᠮᠢᠳᠤᠯᠢᠭ ᠬᠦᠴᠦᠨ ᠢ ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠢᠨ᠎ᠡ ᠳᠦᠷᠰᠦ ᠪᠠᠶᠢᠳᠠᠯ ᠢᠯᠡᠷᠡᠨ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠪᠦᠭᠦ ᠲᠠᠯ᠎ᠠ ᠪᠠᠷ ᠲᠤᠭᠤᠰᠢᠯᠠᠭᠳᠠᠵᠤ᠂ ᠬᠥᠮᠥᠨ ᠤ ᠡᠷᠬᠡ ᠶᠢ ᠨᠡᠩ ᠰᠠᠶᠢᠨ ᠪᠠᠲᠤᠯᠠᠪᠠ᠃ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ ᠪᠤᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠪᠠᠲᠤᠯᠠᠭ᠎ᠠ ᠶᠢ ᠨᠡᠩ ᠪᠠᠲᠤ ᠪᠠᠬᠢ ᠪᠤᠯᠭᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠪᠡ᠃       — ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠬᠥᠮᠥᠰ ᠤᠨ ᠰᠡᠳᠬᠢᠯ ᠳᠤ ᠬᠠᠳᠠᠩᠰᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ ᠴᠢᠨᠠᠷᠲᠠᠢ ᠪᠠᠷ ᠤᠯᠠᠷᠢᠭᠤᠯᠤᠬᠲᠠᠵᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ ᠦᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠵᠦ᠂ ᠰᠦᠯᠵᠢᠶᠡᠨ ᠤ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃ ᠪᠢᠳᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠣᠢ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 ᠵᠢᠯ ᠤᠨ ᠣᠢ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠳᠤᠷᠠᠰᠬᠠᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ  ᠲᠠᠢ ᠡᠷᠭᠢᠯᠡᠵᠥ᠂ ᠵᠠᠯᠠᠭᠤ ᠨᠢᠭᠡ ᠦᠶ᠎ᠡ ᠶᠢᠨ ᠬᠢᠨ ᠨᠡᠩ ᠢᠳᠡᠪᠬᠢᠲᠡᠢ ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠣᠶᠣᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠪᠠ᠃       — ᠪᠢᠳᠡ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠢᠯᠬ᠎ᠠ ᠪᠠᠶᠢᠬᠤ ᠳᠤᠨᠢ ᠠᠰᠠᠷᠠᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ᠃ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.2 ᠨᠠᠰᠤ ᠪᠣᠯᠵᠤ ᠨᠡᠮᠡᠭᠳᠡᠪᠡ᠃ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16500 ᠲᠥᠭᠦᠷᠢᠭ ᠪᠠᠶᠢᠭᠰᠠᠨ ᠠᠴᠠ ᠪᠠᠨ 35100 ᠲᠥᠭᠦᠷᠢᠭ ᠪᠣᠯᠵᠤ ᠨᠡᠮᠡᠭᠳᠡᠪᠡ᠃ ᠬᠤᠲᠠ ᠪᠠᠯᠭᠠᠰᠤᠨ ᠳᠤ ᠵᠢᠯ ᠳᠤᠮᠳᠠᠴᠢ ᠪᠠᠷ 1300 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠬᠢᠷᠢ ᠲᠦᠪᠰᠢᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 10.4 ᠳ᠋ᠦᠩᠰᠢᠭᠤᠷ ᠬᠥᠮᠥᠨ ᠢ ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠰᠠᠨ ᠨᠤᠷᠮ᠎ᠠ 95% ᠳᠤ ᠲᠣᠭᠲᠠᠪᠤᠷᠢᠵᠢᠪᠠ᠃ ᠦᠷᠡᠵᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠬᠢᠷᠠᠭᠤᠯᠪᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ ᠰᠦᠯᠵᠢᠶᠡᠨ ᠳᠤ ᠭᠠᠷᠤᠭᠰᠠᠨ ᠬᠥᠮᠥᠨ ᠤ ᠲᠤᠭ᠎ᠠ 10.3 ᠳ᠋ᠦᠩᠰᠢᠭᠤᠷ ᠲᠤ ᠬᠦᠷᠴᠡᠢ᠃ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠵᠤ᠂ ᠬᠠᠮᠲᠤ ᠪᠠᠷ ᠪᠠᠶᠠᠵᠢᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃       — ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠳᠤ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠦᠭᠡᠢ᠂ ᠡᠷᠭᠢᠯᠲᠡᠲᠦ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠤ᠂ ᠪᠢᠲᠡᠨ ᠤ ᠡᠬᠡ ᠤᠯᠤᠰ ᠤᠨ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ ᠲᠤᠩᠭᠠᠯᠠᠭ ᠪᠣᠯᠵᠠᠢ᠃       — ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠯ ᠪᠠ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠵᠠᠷᠴᠢᠮ ᠤᠨ ᠠᠰᠠᠭᠤᠳᠠᠯ ᠳᠡᠭᠡᠷ᠎ᠡ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭ᠎ᠠ ᠵᠠᠩ ᠴᠢᠨᠠᠷ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠪᠦᠭᠦ ᠲᠠᠯ᠎ᠠ ᠪᠠᠷ ᠴᠢᠩᠭᠠᠳᠬᠠᠪᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ ᠦᠨᠳᠦᠰᠦᠲᠡᠨ ᠤ ᠬᠠᠭᠠᠴᠠᠭᠤᠯᠬᠤ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ᠂ ᠬᠦᠴᠦᠷᠬᠡᠭᠯᠡᠯ ᠰᠦᠷᠳᠡᠭᠦᠯᠦᠯ ᠤᠨ ᠬᠦᠴᠦᠨ ᠢ ᠪᠦᠲᠦᠮᠵᠢᠲᠡᠢ ᠬᠤᠷᠢᠭᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠠᠯᠢ ᠤᠯᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠬᠦᠴᠦᠲᠡᠢ ᠠᠷᠭᠠᠴᠠᠭᠠᠵᠤ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠭᠦᠷᠪᠡ᠃       — ᠪᠢᠳᠡ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠭᠦ᠋ ᠲᠢᠶᠠᠨ ᠤ ᠪᠦᠭᠦ ᠴᠡᠷᠢᠭ ᠤᠨ ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠶᠢ ᠠᠬᠢᠭᠤᠯᠵᠤ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠪᠠᠲᠤ ᠪᠠᠬᠢ ᠪᠤᠢ ᠪᠤᠯᠭᠠᠵᠤ᠂ ᠪᠦᠭᠦ ᠴᠡᠷᠢᠭ ᠤᠨ ᠠᠵᠢᠯ ᠤᠨ ᠭᠤᠣᠯᠳᠠᠯᠭ᠎ᠠ ᠶᠢ ᠳᠠᠶᠢᠨ ᠳᠤ ᠪᠡᠯᠡᠳᠬᠡᠨ ᠪᠠᠶᠢᠯᠳᠤᠭᠠᠨ ᠬᠢᠬᠦ ᠳᠡᠭᠡᠷ᠎ᠡ ᠡᠷᠡᠰ ᠲᠠᠯᠪᠢᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ ᠴᠡᠷᠢᠭ ᠤᠨ ᠪᠣᠯᠪᠠᠰᠤᠷᠠᠯ ᠢ ᠶᠡᠭᠡ ᠪᠠᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ ᠶᠡᠭᠡ ᠪᠠᠷ ᠭᠦᠨᠵᠡᠭᠡᠶᠢᠷᠡᠭᠦᠯᠵᠦ᠂ ᠠᠷᠠᠳ ᠤᠨ ᠴᠡᠷᠢᠭ ᠠᠩᠭᠢ ᠶᠢᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠢ ᠳᠠᠭᠢᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠷᠢᠭ ᠤᠨ ᠠᠯᠪᠠ ᠬᠠᠭᠠᠵᠤ ᠪᠠᠶᠢᠭ᠎ᠠ ᠬᠥᠮᠥᠨ ᠤ ᠲᠤᠭ᠎ᠠ ᠶᠢ ᠭᠤᠴᠢᠨ ᠲᠦᠮᠡ ᠬᠠᠰᠤᠬᠤ ᠶᠢ ᠢᠯᠠᠯᠲᠠ ᠲᠠᠢ ᠪᠠᠷ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠮᠵᠢ ᠨᠢ ᠰᠢᠨ᠎ᠡ᠂ ᠪᠦᠲᠦᠴᠡ ᠨᠢ ᠰᠢᠨ᠎ᠡ᠂ ᠪᠠᠶᠢᠷᠢᠰᠢᠯ ᠨᠢ ᠰᠢᠨ᠎ᠡ᠂ ᠳᠦᠷᠰᠦ ᠪᠠᠶᠢᠳᠠᠯ ᠨᠢ ᠴᠣ᠋ ᠰᠢᠨ᠎ᠡ ᠪᠣᠯᠵᠤ᠂ ᠣᠳᠣᠬᠢᠴᠢᠯᠠᠯᠲᠠ ᠶᠢᠨ ᠲᠦᠪᠰᠢᠨ ᠪᠠ ᠪᠣᠳᠠᠲᠤ ᠪᠠᠶᠢᠯᠳᠤᠭᠠᠨ ᠤ ᠴᠢᠳᠠᠪᠤᠷᠢ ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠪᠠ᠃       — ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯ᠎ᠠ ᠪᠠᠷ ᠣᠨᠣᠪᠴᠢᠲᠠᠢ ᠠᠬᠢᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ ᠣᠷᠣᠭᠰᠠᠨ  ᠠᠴᠠ ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ ᠭᠦᠭᠵᠢᠭᠦ ᠰᠢᠨ᠎ᠡ ᠱᠠᠲᠤᠨ ᠳᠤ ᠣᠷᠣᠬᠤ ᠶᠢ ᠠᠬᠢᠭᠤᠯᠵᠤ᠂ ᠰᠢᠶᠠᠩᠭᠠᠩ᠂ ᠣᠣᠮᠧᠨ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨ᠎ᠡ ᠴᠠᠭ ᠦᠶ᠎ᠡ ᠳᠤ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃       — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠪᠠᠯᠠᠮᠠᠳ ᠠᠵᠢᠯᠯᠠᠭ᠎ᠠ ᠶᠢ ᠡᠷᠡᠰ ᠭᠤᠶᠢᠪᠢᠰᠢ ᠦᠭᠡᠢ ᠡᠰᠡᠷᠭᠦᠴᠡᠪᠡ᠃ ᠪᠢᠳᠠ ᠭᠠᠳᠠᠭᠠᠳᠤ ᠬᠠᠷᠢᠯᠴᠠᠭᠠᠨ ᠤ ᠶᠡᠷᠦᠩᠬᠡᠢ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠢ ᠪᠦᠷᠬᠦᠭᠰᠡᠨ ᠬᠠᠨᠢᠲᠠᠨ ᠤ ᠬᠠᠷᠢᠯᠴᠠᠭ᠎ᠠ ᠶᠢᠨ ᠲᠣᠣᠷ ᠢ ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ ᠪᠢᠳᠡ ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠣᠯᠠᠨ ᠤᠯᠤᠰ ᠤᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠳᠡᠯᠡᠬᠡᠢ ᠨᠡᠶᠢᠲᠡ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠮᠠᠨ ᠤ ᠤᠯᠤᠰ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢᠯᠡᠳᠲᠡ ᠳᠡᠭᠡᠭᠰᠢᠯᠡᠪᠡ᠃       — ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠨ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠳᠤᠷᠠᠳᠤᠨ ᠪᠠᠷᠢᠮᠲᠠᠯᠠᠵᠤ᠂ ᠤᠯᠤᠰ ᠲᠥᠷᠥ ᠶᠢᠨ ᠪᠠᠷᠢᠮᠵᠢᠶ᠎ᠠ ᠪᠠᠷ ᠮᠡᠷᠭᠡᠳ ᠢ ᠰᠣᠩᠭᠤᠵᠤ ᠴᠢᠳᠠᠪᠤᠷᠢᠲᠠᠨ ᠢ ᠲᠣᠮᠢᠯᠠᠬᠤ ᠶᠢ ᠳᠣᠪᠤᠶᠢᠯᠭᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠦ᠂ ᠪᠦᠭᠦ ᠨᠠᠮ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭ᠎ᠠ ᠪᠠᠲᠤ ᠲᠣᠭᠲᠠᠭᠠᠯ ᠢ ᠴᠢᠩᠳᠠᠯᠠᠬᠤ ᠶᠢ ᠠᠬᠢᠭᠤᠯᠪᠠ᠃ ᠪᠢᠳᠡ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠢᠮᠠᠭᠲᠠ ᠬᠤᠪᠢᠷᠠᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠷᠳᠤ ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠪᠠ᠃ ᠪᠢᠳᠡ ᠤᠷᠢᠳ ᠡᠮᠦᠨ᠎ᠡ ᠪᠠᠶᠢᠭ᠎ᠠ ᠦᠭᠡᠢ ᠢᠯᠵᠠᠷᠠᠯ ᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ︽ᠮᠢᠩᠭ᠎ᠠ ᠲᠦᠮᠡᠨ ᠬᠥᠮᠥᠨ ᠲᠠᠢ ᠮᠠᠭᠤᠳᠠᠯᠴᠠᠭᠰᠠᠨ ᠴᠤ ᠠᠷᠪᠠᠨ ᠲᠦᠷᠪᠡᠨ ᠳ᠋ᠦᠩᠰᠢᠭᠤᠷ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠡᠭᠦᠷᠭᠡ ᠬᠠᠷᠢᠭᠤᠴᠠᠯᠭ᠎ᠠ ᠪᠠᠷ ᠠᠷᠬᠠᠭ ᠭᠡᠮ ᠢ ᠠᠷᠢᠯᠭᠠᠨ ᠰᠠᠮᠠᠭᠤᠷᠠᠯ ᠢ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠭ᠋ᠤ︾᠂ ︽ᠦᠨᠡᠭᠡ ᠶᠢ ᠠᠩᠨᠠᠬᠤ︾ ᠶᠢ ᠵᠡᠷᠭᠡ ᠪᠠᠷ ᠶᠠᠪᠤᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭ᠎ᠠ ᠬᠦᠨᠳᠦ ᠨᠣᠴᠢᠲᠠᠢ ᠲᠠᠯᠳᠠ ᠭᠡᠮ ᠢ ᠠᠷᠢᠯᠭᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠨᠡ ᠬᠦ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠠᠴᠠ ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃       ᠨᠠᠮ ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢ ᠭᠦᠢᠴᠡᠳ ᠨᠤᠲᠠᠯᠠᠬᠤ ᠶᠢᠨ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠡᠭᠦᠨ ᠳᠤ ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠠᠰᠠᠭᠤᠳᠠᠯ ᠮᠥᠨ ᠲᠣᠪᠤᠶᠢᠮ᠎ᠠ ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ ᠤᠯᠠᠨ ᠬᠠᠷᠰᠢ ᠰᠠᠭᠠᠳ ᠬᠤᠷᠢᠭ᠎ᠠ ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ︔ ᠠᠮᠤ ᠪᠤᠳᠠᠭ᠎ᠠ᠂ ᠡᠨᠧᠷᠭᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠪᠠᠰᠠ ᠮᠠᠰᠢ ᠤᠯᠠᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠪᠠᠰᠠ ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ ᠥᠷᠢᠰᠦᠯᠳᠦᠭᠡᠨ ᠣᠷᠣᠰᠢᠵᠤ ᠪᠠᠶᠢᠨ᠎ᠠ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠯᠡ ᠨᠡᠯᠢᠶᠡᠳ ᠶᠡᠭᠡ ᠪᠠᠶᠢᠨ᠎ᠠ︔ ᠣᠯᠠᠨ ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠶᠢᠳᠠᠨ ᠪᠤᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠲᠠᠯ᠎ᠠ ᠪᠠᠷ ᠴᠥᠭᠡᠨ ᠪᠤᠰᠤ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠨ᠎ᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠮᠥᠨ ᠬᠦ ᠬᠠᠲᠠᠭᠤ ᠪᠡᠷᠬᠡ ᠪᠠᠶᠢᠨ᠎ᠠ︔ ᠵᠠᠷᠢᠮ ᠨᠠᠮ ᠤᠨ ᠭᠡᠰᠢᠭᠦᠨ᠂ ᠺᠠᠳ᠋ᠷ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠳᠤᠲᠠᠮᠠᠭ᠂ ᠲᠡᠮᠡᠴᠡᠯ ᠤᠨ ᠡᠷᠳᠡᠮ ᠴᠢᠳᠠᠪᠤᠷᠢ ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ᠬᠦᠷᠦᠯᠴᠡᠬᠦ ᠦᠭᠡᠢ ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠤᠶᠢᠮ᠎ᠠ ᠪᠠᠶᠢᠨ᠎ᠠ︔ ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ ᠪᠠᠶᠢᠬᠤ ᠵᠡᠷᠭᠡ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠭᠰᠡᠨ ᠪᠠᠶᠢᠨ᠎ᠠ᠂ ᠬᠤᠶᠢᠰᠢᠳᠠ ᠡᠷᠬᠡᠪᠰᠢ ᠠᠵᠢᠯ ᠤᠨ ᠡᠷᠴᠢᠮ ᠢᠶᠠᠨ ᠨᠡᠩ ᠴᠢᠩᠭᠠᠷᠠᠭᠤᠯᠬᠤ ᠬᠡᠷᠡᠭᠲᠡᠢ᠃       ᠨᠥᠬᠦᠳ ᠠ᠋︕ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠨᠠᠮ ᠪᠣᠯᠣᠨ ᠠᠷᠠᠳ ᠲᠦᠮᠡᠨ ᠬᠠᠮᠲᠤ ᠪᠠᠷ ᠮᠡᠷᠡᠶᠢᠵᠦ ᠪᠠᠶᠢᠭᠠᠳ ᠣᠯᠣᠭᠰᠠᠨ ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ ᠲᠡᠮᠡᠴᠡᠵᠦ ᠪᠠᠶᠢᠭᠠᠳ ᠣᠯᠣᠭᠰᠠᠨ ᠶᠤᠮ︕ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠠ ᠡᠯ᠎ᠡ ᠡᠲᠡᠭᠡᠳ ᠤᠨ ᠡᠬᠡ ᠣᠷᠣᠨᠴᠢ ᠬᠥᠮᠥᠰ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ ᠪᠠ ᠲᠠᠶᠢᠸᠠᠨ ᠤ ᠠᠬ᠎ᠠ ᠳᠡᠭᠦᠦ ᠨᠠᠷ ᠵᠢᠴᠢ ᠥᠷᠭᠡᠨ ᠤᠯᠠᠨ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯᠲᠤ ᠴᠢᠨᠠᠷᠲᠠᠢ ᠳᠠᠪᠲᠠᠯᠲᠠ ᠶᠢᠨ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠵᠤ᠂ ᠨᠠᠮ ᠪᠣᠯᠣᠨ ᠠᠷᠠᠳ ᠲᠦᠮᠡᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ ᠪᠣᠯᠣᠨ ᠰᠢᠯᠭᠠᠯᠲᠠ ᠶᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠭᠦ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠪᠠ᠃ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠬᠦᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠵᠤ᠂ ᠲᠡᠮᠡᠴᠡᠯ ᠤᠨ ᠵᠣᠷᠢᠭ ᠰᠠᠨᠠᠭ᠎ᠠ ᠨᠡᠩ ᠴᠤᠭ ᠪᠠᠳᠠᠷᠠᠩᠭᠤᠢ ᠪᠣᠯᠵᠤ᠂ ᠯᠠᠪᠲᠠᠢ ᠢᠯᠠᠯᠲᠠ ᠣᠯᠬᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ᠂ ᠨᠡᠩ ᠴᠢᠩᠭ᠎ᠠ ᠲᠡᠦᠬᠡ ᠶᠢᠨ ᠤᠬᠠᠮᠰᠠᠷ ᠪᠣᠯᠣᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ᠂ ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ ᠠᠬᠢᠭᠤᠯᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ ᠲᠣᠭᠲᠠᠭᠤᠨ ᠪᠠᠶᠢᠳᠠᠯ ᠭᠡᠬᠦ ᠬᠤᠶᠠᠷ ᠶᠡᠭᠡ ᠭᠠᠶᠢᠬᠠᠮᠰᠢᠭ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ ᠬᠥᠭᠵᠢᠯᠲᠡ ᠨᠡᠩ ᠪᠠᠲᠤ ᠪᠠᠬᠢ ᠪᠣᠳᠠᠰ ᠤᠨ ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ ᠲᠠᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ᠃ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠬᠤᠷᠢᠨ ᠨᠢᠭᠡᠳᠦᠭᠡᠷ ᠵᠠᠭᠤᠨ ᠤ ᠳᠤᠮᠳᠠᠳᠤ ᠤᠯᠤᠰ ᠲᠤ ᠴᠤᠭ ᠪᠠᠳᠠᠷᠠᠩᠭᠤᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨ᠎ᠡ ᠰᠣᠩᠭᠤᠯᠲᠠ ᠶᠢ ᠬᠠᠩᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ᠂ ᠳᠤᠮᠳᠠᠳᠤ ᠤᠯᠤᠰ ᠤᠨ ᠬᠦᠴᠦᠨ ᠢ ᠬᠠᠩᠭᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠪᠡ︕       ᠬᠤᠶᠠᠷ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠡ       ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ ᠤᠯᠤᠰ ᠢᠶᠠᠨ ᠪᠠᠶᠢᠭᠤᠯᠬᠤ᠂ ᠨᠠᠮ ᠢᠶᠠᠨ ᠮᠠᠨᠳᠤᠭᠤᠯᠵᠤ ᠤᠯᠤᠰ ᠢᠶᠠᠨ ᠮᠠᠨᠳᠤᠭᠤᠯᠬᠤ ᠶᠢᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠬᠤ᠂ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠰᠠᠶᠢᠨ ᠪᠠᠶᠢᠬᠤ ᠳᠤ ᠪᠤᠢ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠪᠡ᠃       ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠲᠠᠢ ᠪᠠᠶᠢᠬᠤ ᠪᠣᠯ ᠮᠠᠨ ᠤ ᠨᠠᠮ ᠤᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠶᠢᠨ ᠦᠨᠳᠦᠰᠦ ᠪᠣᠯᠣᠨ᠎ᠠ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠪᠣᠯ ᠦᠨᠡᠨ ᠶᠣᠰᠣ ᠶᠢ ᠬᠥᠭᠡᠭᠡᠴᠡᠯᠳᠦᠬᠦ᠂ ᠦᠨᠡᠨ ᠶᠣᠰᠣ ᠶᠢ ᠢᠯᠡᠷᠡᠭᠦᠯᠭᠦ᠂ ᠦᠨᠡᠨ ᠶᠣᠰᠣ ᠶᠢ ᠪᠠᠲᠤᠲᠠᠢ ᠬᠡᠷᠡᠭᠵᠢᠭᠦᠯᠬᠦ ᠶᠠᠪᠤᠴᠠ ᠮᠥᠨ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠪᠠ ᠦᠢᠯᠡᠳᠦᠯᠭᠡ ᠶᠢᠨ ᠰᠢᠨ᠎ᠡ ᠱᠠᠭᠠᠷᠳᠠᠯᠭ᠎ᠠ ᠨᠢ ᠪᠢᠳᠡᠨ ᠤ ᠤᠨᠤᠯ ᠪᠠ ᠦᠢᠯᠡᠳᠦᠯᠭᠡ ᠶᠢᠨ ᠤᠶᠠᠯᠳᠤᠯ ᠤᠨ ᠲᠠᠯ᠎ᠠ ᠠᠴᠠ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠭᠦᠨᠵᠡᠭᠡᠢ ᠬᠠᠷᠢᠭᠤᠯᠲᠠ ᠥᠭᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠮᠠᠨ ᠤ ᠨᠠᠮ ᠵᠣᠷᠢᠭᠲᠠᠢ ᠪᠠᠷ ᠤᠨᠤᠯ ᠤᠨ ᠰᠦᠪᠡᠭᠴᠢᠯᠡᠯᠲᠡ ᠪᠠ ᠰᠢᠨ᠎ᠡ ᠡᠭᠦᠳᠦᠯᠲᠡ ᠬᠢᠵᠦ᠂ ᠴᠣ ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠭᠠᠨ ᠲᠥᠪᠯᠡᠷᠡᠩᠭᠦᠢ ᠢᠯᠡᠷᠡᠭᠦᠯᠪᠡ᠃ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ︽ᠠᠷᠪᠠ ᠶᠢ ᠲᠣᠳᠣᠷᠬᠠᠶᠢᠯᠠᠬᠤ︾᠂ ︽ᠠᠷᠪᠠᠨ ᠳᠥᠷᠪᠡ ᠶᠢ ᠪᠠᠷᠢᠮᠲᠠᠯᠠᠬᠤ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ ᠭᠤᠣᠯ ᠠᠭᠤᠯᠭ᠎ᠠ ᠶᠢ ᠬᠤᠷᠢᠶᠠᠩᠭᠤᠶᠢᠯᠠᠪᠠ᠂ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃       ᠵᠦᠪᠭᠡᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠬᠤᠪᠢᠰᠤᠩᠭᠤᠢ ᠪᠣᠳᠠᠰᠴᠢ ᠦᠵᠡᠯ ᠪᠠ ᠲᠡᠦᠬᠡ ᠶᠢᠨ ᠪᠣᠳᠠᠰᠴᠢ ᠦᠵᠡᠯ ᠢ ᠬᠡᠷᠡᠭᠯᠡᠬᠦ ᠶᠢ ᠪᠠᠷᠢᠮᠲᠠᠯᠠᠪᠠᠯ ᠰᠠᠶ᠋ᠢ ᠴᠠᠭ ᠦᠶ᠎ᠡ ᠪᠠ ᠦᠢᠯᠡᠳᠦᠯᠭᠡ ᠶᠢᠨ ᠳᠤᠷᠠᠳᠤᠭᠰᠠᠨ ᠴᠢᠬᠤᠯᠠ ᠶᠡᠭᠡ ᠠᠰᠠᠭᠤᠯᠳᠠ ᠳᠤ ᠵᠥᠪ ᠬᠠᠷᠢᠭᠤᠯᠲᠠ ᠥᠭᠴᠦ᠂ ᠰᠠᠶ᠋ᠢ ᠮᠠᠷᠺᠰ ᠤᠨ ᠦᠵᠡᠯ ᠤᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠳᠤ ᠰᠣᠷᠭᠤᠭ ᠬᠦᠴᠦᠨ ᠢ ᠢᠮᠠᠭᠲᠠ ᠪᠠᠲᠤᠯᠠᠵᠤ ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ ᠬᠠᠮᠲᠤᠴᠤᠳ ᠭᠦᠨᠵᠡᠭᠡᠢ ᠲᠠᠨᠢᠵᠤ ᠣᠯᠣᠭᠰᠠᠨ ᠪᠠᠶᠢᠨ᠎ᠠ᠃       ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠪᠠᠶᠢᠭ᠎ᠠ ᠨᠢ ᠲᠡᠭᠦᠨ ᠤ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢᠶᠠᠷ ᠳᠤᠮᠳᠠᠳᠤ ᠤᠯᠤᠰ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠬᠠᠷᠢᠨ ᠲᠡᠭᠦᠨ ᠤ ᠪᠣᠳᠠᠲᠠᠢ ᠳ᠋ᠦᠩᠨᠡᠯᠲᠡ ᠪᠠ ᠦᠭᠡ ᠥᠭᠦᠯᠡᠪᠦᠷᠢ ᠶᠢ ᠴᠡᠭᠡᠵᠢᠯᠡᠬᠦ ᠪᠠ ᠳᠠᠪᠲᠠᠬᠤ ᠶᠢᠨ ᠲᠥᠯᠥᠭᠡ ᠪᠢᠰᠢ᠂ ᠨᠡᠩ ᠴᠤ ᠮᠠᠷᠺᠰ ᠤᠨ ᠦᠵᠡᠯ ᠢ ᠬᠡᠵᠢᠶᠡᠳᠡ ᠬᠤᠪᠢᠷᠠᠰᠢ ᠦᠭᠡᠢ ᠨᠣᠮᠯᠠᠯ ᠪᠤᠯᠭᠠᠵᠤ ᠪᠤᠯᠬᠤ ᠦᠭᠡᠢ᠃ ᠪᠢᠳᠡ ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠴᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ ᠲᠠᠰᠤᠷᠠᠯᠳᠠ ᠦᠭᠡᠢ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠵᠥᠪ ᠬᠠᠷᠢᠭᠤᠯᠲᠠ ᠥᠭᠴᠦ᠂ ᠪᠤᠰᠤᠳᠴᠢ ᠵᠢᠮ᠎ᠡ ᠶᠣᠰᠣᠨ ᠳᠤ ᠨᠡᠶᠢᠴᠡᠭᠰᠡᠨ ᠰᠢᠨᠵᠢᠯᠡᠬᠦ ᠤᠬᠠᠭᠠᠨᠴᠢ ᠲᠠᠨᠢᠯᠲᠠ ᠶᠢ ᠳ᠋ᠦᠩᠨᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠤᠨᠤᠯ ᠤᠨ ᠦᠷ᠎ᠡ ᠪᠦᠲᠦᠭᠡᠯ ᠢ ᠪᠤᠢ ᠪᠤᠯᠭᠠᠵᠤ᠂ ᠳᠤᠮᠳᠠᠳᠤ ᠤᠯᠤᠰ ᠤᠨ ᠦᠢᠯᠡᠳᠦᠯᠭᠡ ᠶᠢ ᠨᠡᠩ ᠰᠠᠶᠢᠲᠤᠷ ᠵᠢᠯᠤᠭᠤᠳᠬᠤ ᠬᠡᠷᠡᠭᠲᠡᠢ᠃       ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠬᠡᠷᠡᠭᠲᠡᠢ᠃ ᠵᠦᠪᠭᠡᠨ ᠲᠤᠰ ᠤᠯᠤᠰ᠂ ᠲᠤᠰ ᠦᠨᠳᠦᠰᠦᠲᠡᠨ ᠤ ᠲᠡᠦᠬᠡ ᠰᠣᠶᠣᠯ ᠤᠨ ᠥᠩ ᠰᠢᠮᠡᠯᠢᠭ ᠬᠥᠷᠥᠰᠥᠨ ᠳᠤ ᠦᠨᠳᠦᠰᠦᠯᠡᠪᠡᠯ ᠰᠠᠶ᠋ᠢ ᠮᠠᠷᠺᠰ ᠤᠨ ᠦᠵᠡᠯ ᠤᠨ ᠦᠨᠡᠨ ᠶᠣᠰᠣᠨ ᠤ ᠮᠣᠳᠣ ᠦᠨᠳᠦᠰᠦ ᠭᠦᠨ ᠨᠠᠪᠴᠢ ᠰᠠᠬᠤᠯᠢᠭ ᠪᠠᠶᠢᠵᠤ ᠴᠢᠳᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠥᠨᠢ ᠤᠳᠠᠭᠠᠨ ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ᠂ ᠲᠡᠷᠡ ᠪᠣᠯ ᠳᠤᠮᠳᠠᠳᠤ ᠶᠢᠨ ᠪᠣᠯᠪᠠᠰᠤᠨ ᠤ ᠤᠶᠤᠨ ᠤᠬᠠᠭᠠᠨ ᠤ ᠤᠭᠢ ᠲᠠᠯᠠᠰᠲᠤ ᠮᠥᠨ᠂ ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ ᠡᠷᠬᠡ ᠶᠢ ᠲᠦᠮᠡᠨ ᠤ ᠬᠢ ᠪᠤᠯᠭᠠᠬᠤ᠂ ᠠᠷᠠᠳ ᠲᠦᠮᠡᠨ ᠢᠶᠠᠷ ᠤᠯᠤᠰ ᠣᠷᠣᠨ ᠤ ᠦᠨᠳᠦᠰᠦ ᠪᠤᠯᠭᠠᠬᠤ᠂ ᠤᠯᠤᠰ ᠢ ᠶᠣᠰᠣ ᠮᠣᠷᠠᠯ ᠢᠶᠠᠷ ᠵᠠᠰᠠᠬᠤ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ᠂ ᠲᠡᠭᠷᠢ ᠬᠥᠮᠥᠨ ᠨᠢᠭᠡᠳᠭᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠶᠣᠰᠣ ᠮᠣᠷᠠᠯ ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠢᠲᠡᠭᠡᠯ ᠢ ᠡᠷᠬᠢᠮᠯᠡᠨ ᠡᠪ ᠨᠠᠶᠢᠷ ᠢ ᠡᠷᠭᠢᠮᠯᠡᠭᠦ᠂ ᠬᠥᠷᠰᠢ ᠵᠡᠷᠭᠡᠯᠡᠳᠡᠭᠡ ᠲᠠᠢ ᠪᠠᠨ ᠳᠣᠲᠣᠨᠣ ᠨᠥᠭᠦᠷᠰᠡᠭ ᠢᠶᠠᠷ ᠶᠠᠪᠤᠯᠴᠠᠬᠤ ᠵᠡᠷᠭᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠤᠷᠠᠮᠳᠤᠭᠤᠯᠤᠭᠰᠠᠨ ᠣᠷᠴᠢᠯᠠᠩ ᠤᠨ ᠦᠵᠡᠯᠲᠡ᠂ ᠶᠢᠷᠲᠢᠨᠴᠦ ᠶᠢᠨ ᠦᠵᠡᠯᠲᠡ᠂ ᠨᠡᠶᠢᠭᠡᠮ ᠤᠨ ᠦᠵᠡᠯᠲᠡ᠂ ᠶᠣᠰᠣ ᠰᠤᠷᠲᠠᠬᠤᠨ ᠤ ᠦᠵᠡᠯᠲᠡ ᠶᠢᠨ ᠴᠢᠬᠤᠯᠠ ᠢᠯᠡᠷᠡᠯ ᠮᠥᠨ᠂ ᠲᠡᠷᠡ ᠨᠢ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠦᠷᠳᠡᠭ ᠤᠨ ᠦᠵᠡᠯᠲᠡ ᠶᠢᠨ ᠵᠣᠷᠢᠯᠲᠠ ᠲᠠᠢ ᠳᠡᠭᠡᠳᠦ ᠬᠡᠮᠵᠢᠶ᠎ᠡ ᠪᠠᠷ ᠵᠣᠬᠢᠴᠠᠬᠤ ᠴᠢᠨᠠᠷ ᠲᠠᠢ᠃ ᠪᠢᠳᠡ ᠡᠷᠬᠡᠪᠰᠢ ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ ᠬᠠᠭᠤᠴᠢᠨ ᠢ ᠤᠷᠭᠢᠵᠤ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠨᠠᠪᠲᠠᠷᠡᠭᠦᠯᠵᠦ᠂ ᠠᠷᠠᠳ ᠤᠯᠠᠨ ᠤ ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠳᠡᠭ ᠠᠳᠠᠯ᠎ᠠ ᠦᠯᠦ ᠢᠯᠡᠷᠡᠭᠦᠯᠦᠭᠰᠡᠨ ᠬᠠᠮᠲᠤ ᠶᠢᠨ ᠦᠷᠳᠡᠭ ᠤᠨ ᠦᠵᠡᠯᠲᠡ ᠲᠠᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ ᠤᠨᠤᠯ ᠳᠤ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠢ ᠲᠠᠰᠤᠷᠠᠯᠳᠠ ᠦᠭᠡᠢ ᠣᠯᠭᠤᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠲᠡᠦᠬᠡ ᠶᠢᠨ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰ ᠲᠤ ᠪᠠᠲᠤ ᠦᠨᠳᠦᠰᠦᠯᠡᠭᠦᠯᠬᠦ ᠬᠡᠷᠡᠭᠲᠡᠢ᠃ ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨ᠎ᠡ ᠶᠢ ᠡᠭᠦᠳᠭᠦ ᠴᠦ ᠬᠢᠵᠠᠭᠠᠷ ᠦᠭᠡᠢ ᠶᠤᠮ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃       ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠬᠤ ᠳᠤ᠂ ᠶᠠᠭᠤᠨ ᠤ ᠡᠮᠦᠨ᠎ᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠬᠦ ᠬᠡᠷᠡᠭᠲᠡᠢ᠃       — ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳᠴᠢ ᠴᠢᠨᠠᠷ ᠪᠣᠯ ᠮᠠᠷᠺᠰ ᠤᠨ ᠦᠵᠡᠯ ᠤᠨ ᠮᠥᠨ ᠴᠢᠨᠠᠷ ᠤᠨ ᠰᠢᠨᠵᠢ ᠮᠥᠨ᠂ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠵᠦ᠂ ᠠᠷᠠᠳ ᠲᠦᠮᠡᠨ ᠤ ᠲᠥᠯᠥᠭᠡ᠂ ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠤᠨᠤᠯ ᠤᠨ ᠰᠢᠨ᠎ᠡ ᠡᠭᠦᠳᠦᠯᠲᠡ ᠶᠢᠨ ᠰᠢᠷᠭᠢᠰᠢ ᠦᠭᠡᠢ ᠡᠬᠢ ᠪᠤᠯᠠᠭ ᠮᠥᠨ᠃ ᠠᠷᠠᠳ ᠲᠦᠮᠡᠨ ᠠᠴᠠ ᠰᠠᠯᠤᠩᠬᠢᠷᠠᠭᠰᠠᠨ ᠠᠯᠢᠪᠠ ᠤᠨᠤᠯ ᠴᠥᠮ ᠬᠡᠢ ᠬᠤᠭᠤᠰᠤᠨ ᠬᠦᠴᠦᠨ ᠦᠭᠡᠢ ᠶᠤᠮ᠂ ᠠᠷᠠᠳ ᠲᠦᠮᠡᠨ ᠳᠤ ᠪᠤᠶᠠᠨ ᠦᠢᠯᠡᠳᠭᠦ ᠦᠭᠡᠢ ᠠᠯᠢᠪᠠ ᠤᠨᠤᠯ ᠴᠥᠮ ᠠᠮᠢᠵᠢᠷᠠᠯ ᠤᠨ ᠬᠦᠴᠦᠨ ᠦᠭᠡᠢ ᠶᠤᠮ᠃ ᠪᠢᠳᠡ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠭᠦᠨᠳᠦᠳᠭᠡᠵᠦ᠂ ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ᠂ ᠮᠡᠳᠡᠷᠡᠭᠳᠡᠭᠰᠡᠨ᠂ ᠡᠵᠡᠮᠰᠢᠭᠳᠡᠭᠰᠡᠨ ᠤᠨᠤᠯ ᠢ ᠪᠤᠢ ᠪᠤᠯᠭᠠᠵᠤ᠂ ᠲᠡᠭᠦᠨ ᠢ ᠠᠷᠠᠳ ᠲᠦᠮᠡᠨ ᠤ ᠶᠢᠷᠲᠢᠨᠴᠦ ᠶᠢ ᠲᠠᠨᠢᠬᠤ ᠪᠠ ᠶᠢᠷᠲᠢᠨᠴᠦ ᠶᠢ ᠥᠭᠡᠷᠡᠴᠢᠯᠡᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠤᠯᠭᠠᠬᠤ ᠬᠡᠷᠡᠭᠲᠡᠢ᠃       — ᠡᠷᠬᠡᠪᠰᠢ ᠢᠲᠡᠭᠡᠯ ᠵᠣᠷᠢᠭ ᠲᠠᠢ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠣᠶᠢᠷ᠎ᠠ ᠦᠶ᠎ᠡ ᠠᠴᠠ ᠨᠠᠭᠠᠰᠢᠬᠢ ᠬᠦᠨᠳᠦ ᠬᠡᠴᠡᠭᠦᠦ ᠭᠠᠰᠠᠯᠠᠩ ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠭᠰᠠᠨ ᠨᠢ ᠶᠡᠷᠦ ᠠᠴᠠ ᠬᠢᠴᠢᠶᠡᠯ ᠤᠨ ᠪᠢᠴᠢᠭ ᠭᠡᠵᠦ ᠪᠠᠶᠢᠬᠤ ᠦᠭᠡᠢ᠂ ᠨᠡᠩ ᠴᠤ ᠪᠡᠯᠡᠨ ᠬᠠᠷᠢᠭᠤᠯᠲᠠ ᠭᠡᠵᠦ ᠦᠭᠡᠢ ᠶᠤᠮ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠵᠠᠮ ᠢ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠪᠡᠶ᠎ᠡ ᠪᠠᠨ ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ ᠲᠦᠰᠢᠭᠯᠡᠨ ᠦᠢᠯᠡᠳᠦᠯᠭᠡᠵᠢᠭᠦᠯᠵᠦ ᠪᠠᠶᠢᠭᠠᠳ ᠨᠡᠭᠡᠭᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ᠂ ᠳᠤᠮᠳᠠᠳᠤᠴᠤᠳ ᠥᠪᠡᠷ ᠢᠶᠠᠨ ᠬᠠᠷᠢᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ ᠪᠠᠲᠤ ᠢᠲᠡᠭᠡᠯ ᠵᠣᠷᠢᠭ ᠢ ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ ᠦᠵᠡᠯ ᠢ ᠬᠥᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠂ ᠵᠠᠪᠢ ᠳᠡᠭᠡᠷ᠎ᠡ ᠲᠡᠮᠳᠡᠭ ᠲᠠᠯᠪᠢᠵᠤ ᠵᠢᠪᠦᠭᠰᠡᠨ ᠰᠡᠯᠡᠮ᠎ᠡ ᠪᠠᠨ ᠡᠷᠢᠬᠦ᠂ ᠲᠦᠭᠵᠢᠮᠡᠯ ᠬᠥᠰᠢᠭᠦᠨ ᠪᠠᠶᠢᠵᠤ ᠪᠤᠯᠬᠤ ᠦᠭᠡᠢ ᠮᠥᠷᠲᠡᠭᠡᠨ ᠪᠠᠰᠠ ᠲᠡᠷᠡ ᠬᠡᠪ ᠢᠶᠠᠷ ᠨᠢ ᠬᠠᠭᠤᠯᠤᠨ ᠨᠡᠭᠦᠯᠭᠡᠵᠦ᠂ ᠭᠠᠳᠠᠭᠠᠳᠤ ᠶᠢᠨ ᠲᠤᠷᠰᠢᠯᠭ᠎ᠠ ᠶᠢ ᠲᠡᠷᠡ ᠬᠡᠪ ᠢᠶᠠᠷ ᠨᠢ ᠨᠡᠭᠦᠯᠭᠡᠨ ᠠᠪᠴᠢᠷᠠᠵᠤ ᠵᠠᠳᠠᠯᠤᠯᠲᠠ ᠬᠢᠵᠦ ᠬᠠᠷᠢᠴᠠᠭᠤᠯᠬᠤ ᠦᠭᠡᠢ ᠪᠠᠶᠢᠵᠤ ᠪᠤᠯᠬᠤ ᠦᠭᠡᠢ᠃       — ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠬᠤ ᠬᠡᠷᠡᠭᠲᠡᠢ᠃ ᠪᠢᠳᠡᠨ ᠤ ᠬᠢᠵᠦ ᠪᠠᠶᠢᠭ᠎ᠠ ᠪᠣᠯ ᠤᠷᠢᠳ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠮᠥᠨ᠂ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠪᠢᠳᠡ ᠰᠢᠨᠵᠢᠯᠡᠬᠦ ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ ᠰᠠᠨᠠᠭ᠎ᠠ ᠪᠠᠷ ᠦᠨᠡᠨ ᠶᠣᠰᠣ ᠶᠢ ᠬᠥᠭᠡᠭᠡᠴᠡᠯᠳᠦᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨ᠎ᠡ ᠬᠡᠷᠡᠭ ᠪᠣᠳᠠᠰ ᠲᠤ ᠬᠠᠨᠳᠤᠵᠤ᠂ ᠲᠠᠨᠢᠯᠲᠠ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ ᠬᠡᠯᠡᠵᠦ ᠥᠩᠭᠡᠷᠡᠭᠰᠡᠨ ᠦᠭᠡᠢ ᠰᠢᠨ᠎ᠡ ᠦᠭᠡ ᠶᠢ ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ ᠦᠭᠡᠢ ᠶᠠᠪᠤᠳᠠᠯ ᠢ ᠵᠣᠷᠢᠭᠲᠠᠢ ᠬᠢᠵᠦ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠤᠭᠤᠳᠬᠤ ᠬᠡᠷᠡᠭᠲᠡᠢ᠃       — ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠪᠣᠯ ᠴᠠᠭ ᠦᠶ᠎ᠡ ᠶᠢᠨ ᠲᠠᠭᠤᠨ ᠮᠥᠨ᠂ ᠠᠰᠠᠭᠤᠳᠠᠯ ᠢ ᠬᠠᠷᠢᠭᠤᠯᠵᠤ ᠵᠢᠯᠣᠭᠤᠳᠤᠨ ᠰᠢᠢᠳᠪᠦᠷᠢᠯᠡᠬᠦ ᠪᠣᠯ ᠤᠨᠤᠯ ᠤᠨ ᠦᠨᠳᠦᠰᠦᠨ ᠡᠭᠦᠷᠭᠡ ᠮᠥᠨ᠃ ᠥᠨᠥᠳᠥᠷ ᠪᠢᠳᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠪᠤᠳᠤᠯᠢᠶᠠᠨᠲᠤ ᠬᠡᠮᠵᠢᠶ᠎ᠡ᠂ ᠠᠰᠠᠭᠤᠳᠠᠯ ᠢ ᠰᠢᠢᠳᠪᠦᠷᠢᠯᠡᠬᠦ ᠪᠡᠷᠬᠡ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠤᠨᠤᠯ ᠤᠨ ᠰᠢᠨ᠎ᠡ ᠡᠭᠦᠳᠦᠯᠲᠡ ᠳᠤ ᠴᠣ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠢᠳᠡ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠦᠢᠯᠡᠳᠦᠯᠭᠡ ᠳᠤ ᠲᠤᠯᠭᠠᠷᠠᠭᠰᠠᠨ ᠰᠢᠨ᠎ᠡ ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ ᠠᠰᠠᠭᠤᠳᠠᠯ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠤᠯᠠᠨ ᠤᠯᠤᠰ ᠤᠨ ᠬᠤᠪᠢᠷᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ᠂ ᠨᠠᠮ ᠤᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠠᠷᠭ᠎ᠠ ᠶᠢ ᠲᠠᠰᠤᠷᠠᠯᠳᠠ ᠦᠭᠡᠢ ᠳᠤᠷᠠᠳᠤᠨ ᠭᠠᠷᠭᠠᠬᠤ ᠬᠡᠷᠡᠭᠲᠡᠢ᠃       — ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠲᠦᠮᠡᠨ ᠬᠡᠷᠡᠭ ᠪᠣᠳᠠᠰ ᠬᠠᠷᠢᠯᠴᠠᠨ ᠬᠤᠯᠪᠣᠯᠳᠤᠵᠤ᠂ ᠬᠠᠷᠢᠯᠴᠠᠨ ᠲᠦᠰᠢᠭᠯᠡᠯᠴᠡᠨ ᠣᠷᠣᠰᠢᠵᠤ ᠪᠠᠶᠢᠳᠠᠭ᠃ ᠭᠠᠭᠴᠠ ᠬᠦ ᠲᠦᠭᠡᠮᠡᠯ ᠬᠤᠯᠪᠤᠭ᠎ᠠ ᠲᠠᠢ᠂ ᠪᠦᠭᠦ ᠲᠠᠯ᠎ᠠ ᠶᠢᠨ ᠰᠢᠰᠲ᠋ᠧᠮᠲᠦ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ ᠪᠣᠳᠠᠰ ᠢ ᠠᠵᠢᠭᠯᠠᠪᠠᠯ ᠰᠠᠶ᠋ᠢ ᠬᠡᠷᠡᠭ ᠪᠣᠳᠠᠰ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠵᠦ ᠴᠢᠳᠠᠨ᠎ᠠ᠃ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠶᠠᠭ ᠨᠡᠶᠢᠭᠡᠮ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ᠂ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠨᠢ ᠶᠡᠷᠦ ᠠᠴᠠ ᠲᠦᠢᠯ ᠤᠨ ᠪᠠᠭ᠎ᠠ ᠬᠡᠰᠡᠭ ᠢ ᠭᠦᠨᠳᠡᠪᠡᠯ ᠪᠦᠭᠦ ᠲᠠᠯ᠎ᠠ ᠶᠢ ᠨᠥᠯᠥᠭᠡᠯᠡᠵᠦ ᠮᠡᠳᠡᠨ᠎ᠠ᠃ ᠪᠢᠳᠡ ᠲᠡᠦᠬᠡ ᠪᠠᠷ ᠳᠠᠮᠵᠢᠭᠤᠯᠤᠨ ᠪᠣᠳᠠᠲᠤ ᠪᠠᠶᠢᠳᠠᠯ ᠢ ᠦᠵᠡᠵᠦ᠂ ᠦᠵᠡᠭᠳᠡᠯ ᠢᠶᠠᠷ ᠳᠠᠮᠵᠢᠭᠤᠯᠤᠨ ᠮᠥᠨ ᠴᠢᠨᠠᠷ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠪᠦᠭᠦ ᠲᠠᠯ᠎ᠠ ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠳᠦ᠂ ᠬᠤᠷᠸ᠎ᠠ ᠪᠠ ᠬᠤᠮᠠᠬᠢ᠂ ᠭᠤᠣᠯ ᠵᠥᠷᠢᠴᠡᠯ ᠪᠠ ᠳᠡᠳ᠋ ᠵᠥᠷᠢᠴᠡᠯ᠂ ᠣᠨᠴᠠᠭᠠᠢ ᠪᠠ ᠡᠩ ᠤᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠂ ᠲᠡᠦᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ ᠬᠠᠤᠯᠢ ᠪᠠᠷ ᠵᠠᠰᠠᠬᠤ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠷᠠᠯᠠᠯᠲᠦ ᠴᠢᠨᠠᠷᠲᠠᠢ ᠪᠠᠷ ᠰᠡᠳᠭᠢᠭᠦ᠂ ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠠᠷᠭ᠎ᠠ ᠶᠢ ᠬᠠᠩᠭᠠᠬᠤ ᠬᠡᠷᠡᠭᠲᠡᠢ᠃       — ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢᠳᠡ ᠳᠡᠯᠡᠬᠡᠢ ᠶᠢᠨ ᠬᠠᠷᠠᠭ᠎ᠠ ᠪᠠᠨ ᠥᠷᠭᠡᠳᠬᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠤᠷᠤᠰᠬᠠᠯ ᠢ ᠭᠦᠨᠵᠡᠭᠡᠢ ᠠᠵᠢᠭᠯᠠᠵᠤ᠂ ᠡᠯ᠎ᠡ ᠤᠯᠤᠰ ᠤᠨ ᠠᠷᠠᠳ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠬᠤᠪᠢ ᠨᠡᠮᠡᠷᠢ ᠦᠵᠡᠭᠦᠯᠵᠦ᠂ ᠠᠨᠠᠪᠠᠳ ᠲᠠᠯᠠᠢ ᠤᠯᠠᠨ ᠤᠷᠤᠰᠬᠠᠯ ᠴᠢᠳᠬᠤᠯᠠᠩ ᠢ ᠠᠭᠤᠯᠬᠤ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ ᠰᠢᠩᠭᠡᠭᠡᠵᠦ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃       ᠭᠤᠷᠪᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ       ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃       ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠤᠷᠳᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠭᠦ ᠰᠢᠪᠲᠤᠯᠤᠯᠲᠠ ᠪᠠᠷ ᠳᠠᠮᠵᠢᠭᠠᠳ᠂ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠲᠦᠯᠬᠢᠨ ᠠᠬᠢᠭᠤᠯᠵᠤ ᠥᠷᠭᠡᠳᠬᠡᠭᠰᠡᠨ ᠪᠠᠶᠢᠨ᠎ᠠ᠃       ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠶᠤᠮ᠃       — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ ᠮᠥᠨ᠃ ᠮᠠᠨ ᠤ ᠤᠯᠤᠰ ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦ᠋ᠢᠯᠡ ᠴᠣᠭᠴᠠ ᠪᠠᠷ ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠨᠢ ᠤᠷᠢᠳ ᠡᠮᠦᠨ᠎ᠡ ᠪᠠᠶᠢᠭ᠎ᠠ ᠦᠭᠡᠢ ᠪᠥᠭᠡᠳ ᠬᠥᠭᠵᠢᠯᠲᠡ ᠶᠢᠨ ᠠᠷᠭ᠎ᠠ ᠵᠠᠮ ᠪᠠ ᠲᠦᠯᠬᠢᠨ ᠠᠬᠢᠭᠤᠯᠬᠤ ᠠᠷᠭ᠎ᠠ ᠮᠠᠶ᠋ᠢᠭ ᠨᠢ ᠴᠦ ᠵᠠᠶᠢᠯᠠᠰᠢ ᠦᠭᠡᠢ ᠥᠪᠡᠷ ᠤᠨ ᠣᠨᠴᠠᠯᠢᠭ ᠲᠠᠢ ᠪᠣᠯᠤᠭᠰᠠᠨ ᠪᠠᠶᠢᠨ᠎ᠠ᠃ ᠪᠢᠳᠡ ᠢᠮᠠᠭᠲᠠ ᠤᠯᠤᠰ ᠤᠨ ᠪᠠᠶᠢᠳᠠᠯ ᠠᠴᠠ ᠪᠠᠨ ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠪᠦᠲᠦᠭᠡᠬᠦ ᠳᠡᠭᠡᠨ ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠮᠥᠷᠲᠡᠭᠡᠨ ᠪᠠᠰᠠ ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ ᠦᠭᠡᠢ ᠪᠠᠶᠢᠵᠤ᠂ ᠲᠡᠦᠬᠡ ᠶᠢᠨ ᠲᠡᠰᠪᠦᠷᠢ ᠲᠡᠪᠴᠢᠶᠡᠷᠢ ᠶᠢ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨ᠎ᠠ᠃       — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠃ ᠪᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠯᠡᠨ ᠬᠠᠮᠠᠭᠠᠯᠠᠨ ᠠᠬᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠬᠦᠴᠦᠯᠡᠨ ᠠᠬᠢᠭᠤᠯᠵᠤ᠂ ᠬᠤᠶᠠᠷ ᠲᠦᠢᠯᠰᠢᠷᠠᠯ ᠢ ᠡᠷᠡᠰ ᠰᠡᠷᠭᠡᠶᠢᠯᠡᠨ ᠬᠤᠷᠢᠭᠯᠠᠨ᠎ᠠ᠃       — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ ᠡᠯᠪᠡᠭ ᠪᠠᠶᠠᠯᠢᠭ ᠪᠠᠶᠢᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠨᠳᠦᠰᠦᠨ ᠱᠠᠭᠠᠷᠳᠠᠯᠭ᠎ᠠ ᠮᠥᠨ᠃ ᠡᠳ᠋ ᠪᠣᠳᠠᠰ ᠤᠨ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠪᠢᠳᠡ ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠪᠣᠳᠠᠰ ᠤᠨ ᠨᠥᠬᠦᠴᠡᠯ ᠢ ᠲᠠᠰᠤᠷᠠᠯᠳᠠ ᠦᠭᠡᠢ ᠪᠠᠲᠤᠳᠬᠠᠬᠤ ᠶᠢᠨ ᠬᠠᠮᠲᠤ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠪᠣᠳᠠᠰ ᠤᠨ ᠪᠦᠭᠦ ᠲᠠᠯ᠎ᠠ ᠶᠢᠨ ᠪᠠᠶᠠᠯᠢᠭᠵᠢᠯ ᠪᠠ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃       — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ ᠃ ᠬᠥᠮᠥᠨ ᠪᠠᠶᠢᠭᠠᠯᠢ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ ᠪᠠᠶᠢᠭᠠᠯᠢ ᠠᠴᠠ ᠬᠡᠮᠵᠢᠶ᠎ᠡ ᠬᠢᠵᠠᠭᠠᠷ ᠦᠭᠡᠢ ᠠᠪᠴᠤ ᠴᠢᠨᠠᠭᠰᠢᠯᠠᠪᠠᠯ ᠪᠠᠶᠢᠭᠠᠯᠢ ᠶᠢ ᠡᠪᠳᠡᠪᠡᠯ ᠵᠠᠶᠢᠯᠠᠰᠢ ᠦᠭᠡᠢ ᠶᠡᠭᠡ ᠪᠠᠶᠢᠭᠠᠯᠢ ᠶᠢᠨ ᠵᠠᠯᠬᠠᠭᠠᠯ ᠢ ᠣᠯᠬᠤ ᠪᠣᠯᠣᠨ᠎ᠠ᠃ ᠪᠢᠳᠡ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠬᠤ ᠴᠢᠭᠯᠡᠯᠲᠡ ᠶᠢ ᠪᠠᠷᠢᠮᠲᠠᠯᠠᠵᠤ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠪᠠᠶᠢᠭᠠᠯᠢ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠠᠶᠢᠬᠤ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃       — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠮᠠᠨ ᠤ ᠤᠯᠤᠰ ᠵᠠᠷᠢᠮ ᠤᠯᠤᠰ ᠤᠨ ᠲᠠᠶᠢᠨ ᠬᠢᠬᠦ᠂ ᠺᠣᠯᠣᠨᠢᠴᠢᠯᠠᠬᠤ᠂ ᠳᠡᠭᠡᠷᠡᠮᠳᠡᠬᠦ ᠵᠡᠷᠭᠡ ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ ᠲᠡᠷᠡ ᠬᠦ ᠪᠡᠶ᠎ᠡ ᠪᠠᠨ ᠪᠤᠳᠤᠵᠤ ᠪᠤᠰᠤᠳ ᠢ ᠬᠤᠬᠢᠷᠠᠭᠤᠯᠬᠤ᠂ ᠴᠢᠰᠤᠲᠤ ᠶᠠᠯ᠎ᠠ ᠨᠢᠭᠦᠯ ᠢᠶᠠᠷ ᠳᠦᠭᠦᠷᠦᠭᠰᠡᠨ ᠬᠠᠭᠤᠴᠢᠨ ᠵᠠᠮ ᠨᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠪᠠᠶᠢᠨ᠎ᠠ᠃ ᠪᠢᠳᠡ ᠲᠡᠦᠬᠡ ᠶᠢᠨ ᠵᠥᠪ ᠲᠠᠯ᠎ᠠ ᠳᠤ ᠪᠠᠲᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ ᠲᠠᠯ᠎ᠠ ᠳᠤ ᠪᠠᠲᠤ ᠵᠣᠭᠰᠣᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ ᠥᠨᠳᠥᠷ ᠮᠠᠨᠳᠤᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ ᠡᠷᠢᠯᠬᠢᠯᠡᠬᠦ ᠮᠥᠷᠲᠡᠭᠡᠨ ᠪᠠᠰᠠ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠨ᠎ᠠ᠃       ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠦᠨ᠎ᠡ᠃       ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠲᠣᠬᠢᠷᠠᠭᠤᠯᠤᠯᠲᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠣᠨ᠎ᠠ᠄ 2020 ᠣᠨ ᠠᠴᠠ 2035 ᠣᠨ ᠪᠤᠯᠲᠠᠯ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ 2035 ᠣᠨ ᠠᠴᠠ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠤᠯᠭᠠᠬᠤ ᠶᠢ ᠪᠡᠶᠡᠯᠡᠭᠦᠯᠦᠨ᠎ᠡ᠃ 2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯ᠄ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠰᠢᠨ᠎ᠡ ᠶᠡᠭᠡ ᠳᠡᠭᠲᠡᠷ ᠲᠤ ᠭᠠᠷᠴᠤ᠂ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠲᠦᠪᠰᠢᠨ ᠳᠤ ᠭᠦᠷᠦᠨ᠎ᠡ︔ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ︔ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠢ ᠨᠡᠩ ᠪᠦᠷᠢᠨᠰᠢᠭᠦᠯᠦᠨ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠡ︔ ᠰᠤᠷᠭᠠᠨ ᠬᠥᠮᠦᠵᠢᠯ ᠤᠨ ᠬᠦᠴᠦᠷᠬᠡᠭ ᠤᠯᠤᠰ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ︔ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢ ᠲᠠᠭᠢᠨ ᠰᠢᠨ᠎ᠡ ᠳᠡᠭᠲᠡᠷ ᠲᠤ ᠭᠠᠷᠭᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠤᠪᠢ ᠶᠢᠨ ᠵᠢᠩ ᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠵᠦ᠂ ᠨᠡᠶᠢᠭᠡᠮ ᠢ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠵᠤ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ᠂ ᠪᠦᠭᠦ ᠠᠷᠠᠳ ᠲᠦᠮᠡᠨ ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠨ᠎ᠠ︔ ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠲᠠᠷᠠᠭ᠎ᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃       ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠳᠡ ᠦᠷᠭᠦᠯᠵᠢᠯᠡᠨ ᠲᠡᠮᠡᠴᠡᠵᠦ᠂ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢᠶᠠᠷ ᠣᠷᠦ᠋ᠢᠯᠠᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠤᠨ᠎ᠠ᠃       ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠭᠤᠣᠯ ᠬᠠᠷᠠᠯᠲᠠ ᠡᠭᠦᠷᠭᠡ ᠪᠣᠯ᠄ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠠᠵᠢᠯ ᠴᠢᠬᠤᠯᠠ ᠶᠡᠭᠡ ᠠᠬᠢᠴᠠ ᠲᠠᠢ ᠪᠤᠯᠤᠨ᠎ᠠ︔ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ︔ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ︔ ᠠᠷᠠᠳ ᠲᠦᠮᠡᠨ ᠤ ᠤᠶᠤᠨ ᠤ ᠪᠠ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠳᠡᠭᠡᠭᠰᠢᠯᠡᠯᠲᠡ ᠶᠢ ᠭᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢᠨ ᠳᠡᠭᠡᠭᠰᠢᠯᠡᠯᠲᠡ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠨ᠎ᠠ︔ ᠤᠯᠤᠰ ᠤᠨ ᠠᠮᠤᠷ ᠲᠦᠪᠰᠢᠨ ᠨᠡᠩ ᠪᠠᠬᠢᠵᠢᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠳᠡᠵᠦ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠭᠢᠭᠤᠯᠤᠨ᠎ᠠ︔ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠤᠰᠬᠠᠯ ᠤᠯᠠᠮ ᠴᠢᠨᠠᠭᠰᠢᠳᠠ ᠳᠡᠭᠡᠭᠰᠢᠯᠡᠵᠦ᠂ ᠪᠦᠭᠦ ᠪᠥᠮᠪᠥᠷᠴᠡᠭ ᠤᠨ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠦᠨ᠎ᠡ᠃       ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ ᠲᠣᠬᠢᠷᠠᠭᠤᠯᠤᠯᠲᠠ ᠭᠠᠷᠴᠤ᠂ ᠮᠠᠨ ᠤ ᠤᠯᠤᠰ ᠤᠨ ᠬᠥᠭᠵᠢᠯᠲᠡ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠃ ᠡᠭᠦᠨ ᠤ ᠵᠡᠷᠭᠡ ᠪᠠᠷ᠂ ᠡᠷᠢᠨ ᠵᠠᠭᠤᠨ ᠳᠤ ᠲᠣᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠤᠨ ᠨᠥᠯᠥᠭᠡ ᠭᠦᠨ ᠭᠦᠨᠵᠡᠭᠡᠢ ᠪᠠᠶᠢᠵᠤ᠂ ᠳᠡᠯᠡᠬᠡᠶᠢᠵᠢᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ ᠲᠣᠯᠣᠭᠠᠢ ᠥᠨᠳᠡᠶᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠦᠭᠡᠢ ᠪᠠᠶᠢᠵᠤ᠂ ᠬᠡᠰᠡᠭ ᠲᠠᠯ᠎ᠠ ᠶᠢᠨ ᠮᠥᠷᠭᠦᠯᠳᠦᠭᠡᠨ ᠪᠠ ᠦᠢᠮᠡᠭᠡᠨ ᠰᠠᠮᠠᠭᠤᠷᠠᠯ ᠣᠯᠠᠨᠲᠠ ᠡᠭᠦᠰᠴᠦ᠂ ᠪᠦᠭᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ ᠵᠠᠶᠢᠯᠠᠵᠤ ᠲᠡᠶᠢᠯᠭᠦ ᠦᠭᠡᠢ᠂ ᠲᠣᠭᠤᠷᠢᠵᠤ ᠭᠠᠷᠴᠤ ᠲᠡᠶᠢᠯᠭᠦ ᠦᠭᠡᠢ ᠶᠤᠮ᠂ ᠨᠠᠮ ᠤᠨ ᠪᠠᠶᠢᠭᠤᠯᠤᠯᠲᠠ ᠢᠯᠠᠩᠭᠤᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠴᠥᠭᠡᠨ ᠪᠤᠰᠤ ᠪᠤᠷᠤᠩᠬᠤᠢ ᠴᠢᠨᠠᠷ ᠲᠠᠢ᠂ ᠣᠯᠠᠨᠲᠠ ᠡᠭᠦᠰᠭᠦ ᠴᠢᠨᠠᠷᠲᠠᠢ ᠠᠰᠠᠭᠤᠳᠠᠯ ᠲᠤᠯᠭᠠᠷᠠᠵᠤ᠂ ᠭᠠᠳᠠᠨ᠎ᠠ ᠠᠴᠠ ᠢᠷᠡᠭᠰᠡᠨ ᠴᠣᠬᠢᠯᠲᠠ ᠪᠠ ᠬᠤᠷᠢᠭᠯᠠᠯᠲᠠ ᠶᠢᠨ ᠠᠵᠢᠯᠯᠠᠭ᠎ᠠ ᠴᠠᠭ ᠢᠮᠠᠭᠲᠠ ᠲᠡᠰ ᠳᠠᠪᠰᠢᠵᠤ ᠮᠡᠳᠡᠨ᠎ᠠ᠃ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠲᠠᠭᠠᠯᠲᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠵᠤ᠂ ᠡᠯ᠎ᠡ ᠵᠦᠢᠯ ᠤᠨ ︽ᠬᠠᠷ᠎ᠠ ᠬᠤᠨ︾᠂ ︽ᠰᠠᠭᠠᠷᠠᠯ ᠬᠡᠷᠢᠰ︾ ᠤᠨ ᠬᠡᠷᠡᠭ ᠬᠡᠵᠢᠶ᠎ᠡ ᠴᠦ ᠡᠭᠦᠰᠴᠦ ᠮᠡᠳᠡᠨ᠎ᠠ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠡᠯᠡᠳᠬᠡᠯ ᠠᠵᠢᠯ ᠢ ᠤᠷᠢᠳᠴᠢᠯᠠᠨ ᠬᠢᠵᠦ᠂ ᠰᠠᠯᠬᠢ ᠳᠠᠪᠠᠯᠭᠠᠨ ᠢ ᠲᠤᠭᠤᠯᠬᠤ ᠴᠢᠨᠠᠭᠰᠢᠯᠠᠪᠠᠯ ᠲᠤᠬᠰᠢᠨ ᠰᠠᠯᠬᠢ ᠰᠢᠷᠦᠭᠦᠨ ᠳᠠᠪᠠᠯᠭᠠᠨ ᠤ ᠬᠦᠨᠳᠦ ᠶᠡᠭᠡ ᠰᠢᠯᠭᠠᠯᠲᠠ ᠶᠢ ᠲᠤᠭᠤᠯᠬᠤ ᠪᠡᠯᠡᠳᠬᠡᠯ ᠲᠠᠢ ᠪᠠᠶᠢᠬᠤ ᠬᠡᠷᠡᠭᠲᠡᠢ᠃ ᠤᠷᠤᠭᠰᠢᠯᠠᠯᠲᠠ ᠶᠢᠨ ᠵᠠᠮ ᠳᠤ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ ᠤᠳ ᠢ ᠪᠠᠲᠤ ᠡᠵᠡᠮᠳᠡᠬᠦ ᠬᠡᠷᠡᠭᠲᠡᠢ᠃       — ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠨᠠᠮ ᠪᠠ ᠤᠯᠤᠰ ᠤᠨ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠨᠠᠮ ᠢ ᠢᠮᠠᠭᠲᠠ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠲᠤᠯᠭᠠᠷᠠᠬᠤ ᠦᠶ᠎ᠡ ᠳᠤ ᠪᠦᠭᠦ ᠠᠷᠠᠳ ᠲᠦᠮᠡᠨ ᠤ ᠬᠠᠮᠤᠭ ᠤᠨ ᠨᠠᠶᠢᠳᠠᠪᠤᠷᠢᠲᠠᠢ ᠲᠦᠰᠢᠭ ᠲᠤᠯᠭᠠᠭᠤᠷᠢ ᠪᠤᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ ᠲᠦᠷᠦ ᠶᠢᠨ ᠨᠢᠭᠲᠠᠷᠠᠯ ᠤᠨ ᠬᠦᠴᠦᠨ᠂ ᠬᠥᠭᠵᠢᠯᠲᠡ ᠶᠢᠨ ᠢᠲᠡᠭᠡᠯ ᠵᠣᠷᠢᠭ ᠲᠠᠢ ᠪᠠᠶᠢᠬᠤ ᠶᠢ ᠦᠨᠡᠨ ᠬᠦ ᠪᠠᠲᠤᠯᠠᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃       — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠎ᠠ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠲᠦᠭᠵᠢᠮᠡᠯ ᠬᠥᠰᠢᠭᠦᠨ ᠬᠠᠭᠤᠴᠢᠨ ᠵᠠᠮ ᠢᠶᠠᠷ ᠶᠠᠪᠤᠬᠤ ᠦᠭᠡᠢ ᠪᠥᠭᠡᠳ ᠲᠤᠭ ᠲᠡᠮᠳᠡᠭ ᠢᠶᠠᠨ ᠬᠠᠯᠠᠬᠤ ᠭᠠᠵᠢᠭᠤ ᠵᠠᠮ ᠢᠶᠠᠷ ᠶᠠᠪᠤᠬᠤ ᠦᠭᠡᠢ ᠪᠠᠶᠢᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠨ᠎ᠠ᠃       — ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠲᠠᠰᠤᠷᠠᠯᠳᠠ ᠦᠭᠡᠢ ᠪᠡᠶᠡᠯᠡᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃       — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠶᠢ ᠭᠦᠨᠵᠡᠭᠡᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠨᠡᠭᠡᠭᠡᠯᠲᠡ ᠬᠢᠬᠦ ᠶᠢ ᠥᠷᠭᠡᠳᠬᠡᠵᠦ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠤᠨ᠎ᠠ᠃       — ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ᠃ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠴᠢᠩᠭᠠᠷᠠᠭᠤᠯᠵᠤ᠂ ᠭᠠᠵᠢᠭᠤ ᠪᠤᠷᠤᠭᠤ ᠶᠢ ᠢᠲᠡᠭᠡᠭᠦ ᠦᠭᠡᠢ᠂ ᠪᠤᠭ ᠴᠢᠳᠬᠦᠷ ᠠᠴᠠ ᠠᠶᠤᠬᠤ ᠦᠭᠡᠢ᠂ ᠳᠠᠷᠤᠯᠲᠠ ᠠᠴᠠ ᠰᠦᠷᠳᠡᠭᠦ ᠦᠭᠡᠢ ᠪᠠᠷ ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ ᠰᠥᠷᠦᠨ ᠤᠷᠤᠭᠰᠢᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠪᠦᠭᠦ ᠬᠦᠴᠦᠨ ᠢᠶᠠᠷ ᠢᠶᠠᠨ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠷᠢᠶ᠎ᠡ ᠶᠢ ᠨᠡᠭᠡᠭᠡᠨ᠎ᠡ       ᠨᠥᠬᠦᠳ ᠠ᠋︕ ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠲᠡᠦᠬᠡ ᠶᠢᠨ ᠠᠯᠢ ᠴᠦ ᠦᠶ᠎ᠡ ᠠᠴᠠ ᠢᠯᠡᠭᠦᠦ ᠣᠶᠢᠷᠠᠳᠴᠤ᠂ ᠨᠡᠩ ᠢᠯᠡᠭᠦᠦ ᠢᠲᠡᠭᠡᠯ ᠪᠠ ᠴᠢᠳᠠᠪᠤᠷᠢ ᠲᠠᠢ ᠪᠣᠯᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤ ᠪᠡᠷᠬᠡ ᠲᠠᠢ᠂ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠵᠣᠷᠢᠭᠲᠠᠢ ᠵᠢᠳᠬᠦᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ ᠡᠷᠢᠯᠬᠢᠯᠡᠵᠦ᠂ ᠠᠶᠤᠯ ᠲᠦᠭᠰᠢᠭᠦᠷᠢ  ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ ᠣᠯᠰᠤᠭᠠᠢ︕       ᠳᠥᠷᠪᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ       ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠬᠥᠭᠵᠢᠭᠦᠯᠬᠦ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠪᠣᠳᠠᠰ ᠤᠨ ᠪᠠ ᠮᠡᠷᠭᠡᠵᠢᠯ ᠤᠨ ᠪᠠᠲᠤ ᠰᠠᠭᠤᠷᠢ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠴᠠᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯ ᠤᠨ ᠬᠠᠷᠢᠯᠴᠠᠨ ᠠᠬᠢᠭᠤᠯᠤᠯᠴᠠᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠬᠤ ᠶᠢ ᠪᠠᠷᠢᠮᠲᠠᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠯᠦᠭᠡ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠦᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠴᠢᠩᠭᠠᠳᠬᠠᠨ᠂ ᠣᠯᠠᠨ ᠤᠯᠤᠰ  ᠤᠨ ᠣᠷᠴᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠣᠯᠣᠨ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃      ︵ᠨᠢᠭᠡ︶ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠤᠨ᠎ᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠭᠦ ᠪᠠ ᠬᠥᠲᠥᠯᠥᠨ ᠵᠢᠯᠤᠭᠤᠳᠴᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ  ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠤᠨ᠎ᠠ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ᠎ᠠ᠃ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ ᠦᠵᠡᠭᠦᠯᠭᠦ ᠰᠠᠭᠤᠷᠢ ᠴᠢᠨᠠᠷᠲᠠᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠭᠦ ᠵᠠᠩᠭᠢᠯᠠᠭ᠎ᠠ ᠶᠢᠨ ᠦᠢᠯᠡᠳᠦᠯ  ᠢ ᠴᠢᠩᠭᠠᠳᠬᠠᠨ᠎ᠠ᠃ ᠣᠳᠣ ᠦᠶ᠎ᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢᠨ ᠳᠦᠷᠢᠮ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠰᠢᠯᠵᠢᠭᠦᠯᠦᠨ ᠥᠭᠭᠦ ᠰᠢᠰᠲ᠋ᠧᠮ ᠢ ᠲᠡᠭᠦᠯᠳᠡᠷᠵᠢᠭᠦᠯᠦᠨ᠎ᠡ ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠲᠥᠪ ᠪᠠᠩᠬᠢ ᠶᠢᠨ ᠳᠦᠷᠢᠮ ᠢ ᠪᠠᠶᠢᠭᠤᠯᠵᠤ᠂ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠪᠠᠲᠤᠯᠠᠬᠤ ᠰᠢᠰᠲ᠋ᠧᠮ ᠢ ᠴᠢᠩᠭᠠᠷᠠᠭᠤᠯᠤᠨ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠭᠦᠨ ᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠵᠦ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ ᠬᠠᠮᠠᠭᠠᠯᠠᠯᠲᠠ ᠪᠣᠯᠣᠨ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ ᠡᠪᠳᠡᠵᠦ᠂ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠤᠨ ᠬᠥᠲᠥᠯᠥᠨ ᠵᠢᠯᠣᠭᠤᠳᠤᠨ᠎ᠠ᠃       ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ  ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠤ ᠬᠦᠴᠦᠷᠬᠡᠭ ᠤᠯᠤᠰ᠂ ᠢᠨᠲ᠋ᠧᠷ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠢᠨᠵᠧᠨᠧᠷᠢᠩ ᠪᠣᠯᠣᠨ ᠴᠢᠬᠤᠯᠠ ᠶᠡᠭᠡ ᠲᠦ᠋ᠭᠨᠢᠭ ᠮᠡᠷᠭᠡᠵᠢᠯ ᠤᠨ ᠮᠠᠰᠢᠨ ᠲᠣᠨᠣᠭᠯᠠᠯ ᠤᠨ ᠪᠣᠭᠤᠮᠲᠠ ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠢᠯᠡᠳᠭᠦ ᠦᠢᠯᠡᠰ ᠤᠨ ᠳᠡᠭᠡᠳᠦ ᠳᠡᠰᠵᠢᠭᠦ᠂ ᠣᠶᠤᠨᠴᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠠᠪᠠᠭᠤᠯᠢᠭᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠦᠨ᠂ ᠠᠮᠤᠷ ᠲᠦᠪᠰᠢᠨ ᠬᠥᠭᠵᠢᠯᠲᠡ ᠳᠤ ᠬᠤᠯᠪᠣᠭᠳᠠᠬᠤ ᠬᠦᠷᠢᠶ᠎ᠡ ᠴᠠᠷᠠᠭᠠᠨ ᠳᠠᠬᠢ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠤᠨ ᠠᠭᠤᠰᠤᠯᠴᠠᠨ ᠪᠦᠯᠦᠭᠵᠢᠵᠦ ᠭᠦᠭᠵᠢᠭᠦ ᠶᠢ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠮᠠᠰᠢᠨ ᠲᠣᠨᠣᠭᠯᠠᠯ᠂ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠤᠨ᠎ᠠ᠃ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠭᠦ ᠦᠢᠯᠡᠰ᠂ ᠣᠳᠣ ᠦᠶ᠎ᠡ ᠶᠢᠨ ᠬᠥᠳᠡᠭᠡ ᠠᠵᠤ ᠠᠬᠤᠢ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠣᠳᠠᠰ ᠤᠳ ᠢ ᠬᠠᠷᠢᠯᠴᠠᠨ ᠬᠤᠯᠪᠣᠬᠤ ᠢᠨᠲ᠋ᠧᠷ ᠰᠦᠯᠵᠢᠶ᠎ᠡ ᠶᠢ ᠲᠦᠷᠭᠡᠳᠬᠡᠨ ᠬᠥᠭᠵᠢᠭᠦᠯᠵᠦ᠂ ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ᠂ ᠡᠳ᠋ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ  ᠢ ᠴᠣᠭᠴᠠᠯᠠᠨ᠎ᠠ᠃ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ᠂ ᠪᠦᠲᠦᠴᠡ᠂ ᠴᠢᠳᠠᠮᠵᠢ ᠪᠠ ᠰᠢᠰᠲ᠋ᠧᠮ ᠤᠨ ᠴᠤᠭᠯᠠᠷᠠᠯ ᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃       ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ ᠬᠠᠲᠠᠭᠤᠵᠢᠯᠲᠠᠢ ᠬᠠᠮᠤᠭ ᠤᠨ ᠨᠦᠰᠡᠷ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠠᠶᠢᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠦᠴᠦᠨ ᠵᠦᠢᠯᠡᠰ ᠤᠨ ᠰᠢᠯᠵᠢᠯᠲᠡ ᠶᠢ ᠰᠢᠯᠤᠭᠤᠳᠬᠠᠨ᠎ᠠ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯᠣᠨ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ  ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ  ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ  ᠤ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠲᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠳ ᠤᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠭᠦ ᠶᠢ ᠵᠣᠷᠢᠭᠵᠢᠭᠤᠯᠤᠨ᠎ᠠ᠃ ᠬᠥᠳᠡᠭᠡ ᠠᠵᠤ ᠠᠬᠤᠢ ᠶᠢ ᠲᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃       ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠤᠨ ᠰᠢᠨ᠎ᠡ ᠪᠠᠶᠢᠷᠢᠰᠢᠯ ᠢ ᠪᠤᠢ ᠪᠤᠯᠭᠠᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ  ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠ ᠪᠡᠶ᠎ᠡ ᠶᠢᠨ ᠭᠠᠵᠠᠷ ᠣᠷᠣᠨ ᠤ ᠲᠦᠷᠭᠡᠪᠴᠢᠯᠡᠨ ᠭᠦᠭᠵᠢᠭᠦ ᠶᠢ ᠠᠬᠢᠭᠤᠯᠵᠤ᠂ ᠵᠡᠭᠦᠨ ᠪᠡᠶ᠎ᠡ ᠶᠢᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢ ᠵᠣᠷᠢᠭᠵᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠴᠧᠩᠳᠦ᠋ ᠴᠦᠩᠴᠢᠩ ᠤᠨ ᠭᠠᠵᠠᠷ ᠣᠷᠣᠨ ᠤ ᠬᠤᠣᠰ ᠬᠤᠳᠠ ᠶᠢᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠨ᠎ᠡ᠃ ᠬᠤᠲᠠ ᠶᠢᠨ ᠰᠦᠷᠦᠭᠵᠢᠯ᠂ ᠬᠤᠲᠠ ᠶᠢᠨ ᠴᠠᠭᠠᠷᠢᠭ ᠢᠶᠠᠷ ᠲᠦᠰᠢᠭ ᠪᠣᠯᠭᠠᠨ ᠲᠣᠮᠣ ᠳᠤᠮᠳᠠ ᠪᠠᠭ᠎ᠠ ᠬᠤᠲᠠ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ ᠶᠢ ᠪᠠᠷᠢᠮᠲᠠᠯᠠᠨ᠂ ᠬᠤᠲᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ ᠬᠥᠭᠵᠢᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ  ᠶᠢ ᠪᠦᠲᠦᠭᠡᠨ ᠪᠠᠶᠢᠭᠤᠯᠤᠨ᠎ᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠵᠦ᠂ ᠳᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃       ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠮᠠᠨ ᠤ ᠤᠯᠤᠰ ᠤᠨ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ  ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠷ᠎ᠡ ᠠᠰᠢᠭ ᠢ ᠨᠡᠮᠡᠭᠳᠡᠭᠦᠯᠦᠨ ᠂ ᠠᠷᠠᠯᠵᠢᠶ᠎ᠠ ᠪᠡᠯᠡ ᠣᠷᠣᠭᠤᠯᠤᠯᠲᠠ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠦᠨ᠎ᠡ᠃ ᠳᠦᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ  ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠦᠨ᠂ ᠲᠣᠭᠠᠴᠢᠯᠠᠭᠰᠠᠨ ᠠᠷᠠᠯᠵᠢᠶ᠎ᠠ ᠶᠢ ᠬᠥᠭᠵᠢᠭᠦᠯᠵᠦ᠂ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠭᠠᠳᠠᠭᠠᠳᠤ ᠪᠡᠯᠡ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠣᠬᠢᠰᠲᠠᠢ ᠪᠠᠭᠠᠰᠬᠠᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠵᠢᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠣᠯᠭᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ  ᠶᠢ ᠰᠢᠯᠢᠳᠡᠭᠵᠢᠭᠦᠯᠵᠦ᠂ ᠵᠡᠭᠦᠨ ᠪᠡᠶ᠎ᠡ ᠶᠢᠨ ᠲᠠᠯᠠᠢ ᠳᠠᠭᠠᠤ ᠣᠷᠣᠨ ᠤ ᠨᠡᠭᠡᠭᠡᠯᠲᠡ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠂ ᠳᠤᠮᠳᠠ ᠪᠡᠶ᠎ᠡ ᠪᠠᠷᠠᠭᠤᠨ ᠪᠡᠶ᠎ᠡ ᠶᠢᠨ ᠭᠠᠵᠠᠷ ᠣᠷᠣᠨ ᠪᠣᠯᠣᠨ ᠵᠡᠭᠦᠨ ᠬᠤᠶᠢᠲᠤ ᠣᠷᠣᠨ ᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠠᠷᠠᠭᠤᠨ ᠣᠷᠣᠨ ᠤ ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠲᠦᠷᠭᠡᠳᠬᠡᠨ ᠪᠦᠲᠦᠭᠡᠨ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠥᠷᠭᠡᠳᠬᠡᠨ᠎ᠡ᠃ ᠠᠷᠠᠳ ᠤᠨ ᠵᠣᠭᠤᠰ ᠤᠨ ᠳᠡᠯᠡᠬᠡᠶᠢᠵᠢᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠠᠨ ᠡᠰᠢᠲᠦ ᠪᠥᠭᠡᠳ ᠲᠣᠭᠲᠠᠪᠤᠷᠢᠲᠠᠢ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ ᠪᠠ ᠠᠵᠤ ᠠᠬᠤᠢ ᠠᠷᠠᠯᠵᠢᠶᠠᠨ ᠤ ᠬᠠᠷᠢᠴᠠᠭ᠎ᠠ ᠶᠢ ᠬᠠᠮᠠᠭᠠᠯᠠᠨ᠎ᠠ᠃       ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ       ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠭᠦ ᠪᠣᠯ ᠨᠢᠭᠡᠳᠦᠭᠡᠷ ᠬᠦᠳᠡᠯᠭᠡᠬᠦ ᠬᠦᠴᠦᠨ ᠪᠤᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠨ᠎ᠠ᠃       ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠴᠢᠳᠠᠪᠤᠷᠢᠲᠠᠨ ᠤ ᠳᠠᠭᠠᠭᠤᠯᠭ᠎ᠠ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠶᠢ ᠪᠠᠷᠢᠮᠲᠠᠯᠠᠨ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠴᠢᠨᠠᠷ ᠴᠢᠨᠰᠠᠭ᠎ᠠ ᠶᠢ ᠪᠦᠭᠦ ᠲᠠᠯ᠎ᠠ  ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠭᠦ ᠣᠷᠦ᠋ᠢᠯᠠᠭᠰᠠᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃       ︵ᠨᠢᠭᠡ︶ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠠ᠃ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠮᠥᠨ᠃ ᠬᠥᠮᠥᠨ ᠢ ᠬᠥᠮᠥᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠤᠢ ᠪᠤᠯᠭᠠᠬᠤ ᠳᠤ ᠪᠠᠶᠢᠨ᠎ᠠ ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ  ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ  ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪ ᠪᠣᠯᠪᠠᠰᠤᠷᠠᠯ ᠤᠨ ᠰᠤᠷᠭᠠᠨ ᠬᠥᠮᠦᠵᠢᠯ ᠢ ᠬᠥᠭᠵᠢᠭᠦᠯᠦᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠠᠯᠲᠤ ᠬᠥᠭᠵᠢᠯᠲᠡ  ᠶᠢ ᠴᠢᠩᠭᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠣᠯᠠᠨ ᠶᠠᠩᠵᠤᠴᠢᠯᠠᠨ ᠬᠥᠭᠵᠢᠭᠦᠯᠬᠦ ᠶᠢ ᠪᠠᠷᠢᠮᠲᠠᠯᠠᠨ᠂ ᠪᠦᠭᠦ ᠰᠤᠷᠤᠯᠭ᠎ᠠ ᠶᠢᠨ ᠱᠠᠲᠤ ᠶᠢ ᠬᠠᠮᠤᠷᠤᠭᠰᠠᠨ ᠰᠤᠷᠤᠬᠴᠢᠳ ᠢ ᠲᠤᠰᠠᠯᠠᠨ ᠲᠡᠳᠭᠦᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠭᠦ ᠶᠢ ᠨᠢᠭᠡᠳᠦᠯᠲᠡᠢ ᠲᠥᠯᠥᠪᠯᠡᠵᠦ᠂ ᠠᠵᠢᠯ ᠮᠡᠷᠭᠡᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠭᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠎ᠡ᠃ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠳᠠᠪᠠᠭᠤᠯᠢᠭᠲᠤ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠠᠮᠢᠶᠠᠷᠤᠯᠲᠠ ᠪᠣᠯᠣᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ ᠰᠤᠷᠭᠠᠨ ᠬᠥᠮᠦᠵᠢᠯ ᠤᠨ ᠲᠣᠭᠠᠴᠢᠯᠠᠯᠲᠠ ᠶᠢ ᠠᠬᠢᠭᠤᠯᠵᠤ᠂ ᠪᠦᠭᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ ᠪᠠᠶᠢᠭᠤᠯᠤᠨ᠎ᠠ᠃       ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠶᠢ ᠡᠭᠦᠳᠭᠦ ᠶᠢᠨ ᠮᠠᠨ ᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ ᠳᠠᠶᠠᠭᠠᠷ  ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠢᠨ᠎ᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠪᠤᠢ ᠪᠣᠯᠭᠠᠨ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠥᠭᠭᠦ ᠶᠢ ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠭᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ  ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠮᠡᠳᠡᠯᠭᠡ ᠶᠢᠨ ᠥᠮᠴᠢᠯᠡᠬᠦ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠦᠭᠦ ᠲᠠᠯ᠎ᠠ ᠪᠠᠷ ᠰᠢᠨ᠎ᠡ ᠶᠢ ᠡᠭᠦᠳᠭᠦ ᠶᠢ ᠳᠡᠮᠵᠢᠭᠦ ᠰᠠᠭᠤᠷᠢ ᠳᠦᠷᠢᠮ ᠢ ᠪᠦᠷᠢᠯᠳᠦᠭᠦᠯᠦᠨ᠎ᠡ᠃ ᠰᠢᠨ᠎ᠡ ᠶᠢ ᠡᠭᠦᠳᠭᠦ ᠰᠣᠶᠣᠯ ᠢ ᠪᠤᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠢ ᠬᠥᠮᠥᠵᠢᠭᠦᠯᠵᠦ᠂ ᠰᠢᠨ᠎ᠡ ᠶᠢ ᠡᠭᠦᠳᠭᠦ ᠠᠭᠤᠷ ᠠᠮᠢᠰᠬᠤᠯ ᠢ ᠪᠤᠢ ᠪᠣᠯᠭᠠᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠤᠯᠠᠨ ᠤᠯᠤᠰᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠪᠦᠬᠦᠢ ᠨᠡᠭᠡᠭᠡᠯᠲᠡᠲᠤ ᠰᠢᠨ᠎ᠡ ᠶᠢ ᠡᠭᠦᠳᠭᠦ ᠠᠮᠢ ᠠᠬᠤᠢ ᠶᠢ ᠪᠤᠢ ᠪᠣᠯᠭᠠᠨ᠎ᠠ᠃       ︵ᠭᠤᠷᠪᠠ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠦᠨ᠎ᠡ᠃ ᠳᠡᠯᠡᠬᠡᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ ᠠᠬᠤᠢ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠤᠤᠭᠠᠯ ᠡᠭᠦᠳᠦᠯᠲᠡ ᠶᠢᠨ ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠷᠬᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠦᠭᠦ ᠲᠠᠯ᠎ᠠ ᠶᠢᠨ ᠴᠢᠨᠠᠷᠲᠠᠢ ᠪᠠᠷᠠᠯᠠᠯᠳᠦ ᠴᠢᠨᠠᠷᠲᠠᠢ ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ  ᠶᠢ ᠡᠭᠦᠳᠭᠦ ᠴᠢᠳᠠᠪᠤᠷᠢ ᠪᠠᠨ ᠴᠢᠩᠭᠠᠳᠬᠠᠨ᠎ᠠ᠃ ᠰᠠᠭᠤᠷᠢ ᠰᠤᠳᠤᠯᠭᠠᠨ ᠢ ᠴᠢᠩᠭᠠᠳᠬᠠᠵᠤ᠂ ᠤᠤᠭᠠᠯ ᠡᠭᠦᠳᠦᠯᠲᠡ ᠶᠢ ᠲᠣᠪᠤᠶᠢᠯᠭᠠᠨ᠂ ᠴᠢᠯᠦᠭᠡᠲᠡᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠭᠦ ᠠᠮᠢᠳᠤᠯᠢᠭ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠰᠦᠨ ᠪᠤᠶᠢᠵᠢᠬᠤ ᠳᠤ ᠠᠰᠢᠭᠲᠠᠢ ᠰᠢᠯᠢᠳᠡᠭ ᠰᠠᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃       ︵ᠳᠥᠷᠪᠡ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠦᠯᠡᠮᠵᠢ ᠤᠯᠠᠨ ᠴᠢᠳᠠᠪᠤᠷᠢᠲᠠᠨ ᠢ ᠬᠥᠮᠥᠵᠢᠭᠦᠯᠦᠨ ᠪᠤᠶᠢᠵᠢᠭᠤᠯᠬᠤ ᠪᠣᠯ ᠤᠯᠤᠰ ᠪᠠ ᠦᠨᠳᠦᠰᠦᠲᠡᠨ ᠤ ᠠᠯᠤᠰ ᠭᠡᠳᠤ  ᠶᠢᠨ ᠬᠥᠭᠵᠢᠯᠲᠡ ᠶᠢᠨ ᠶᠡᠭᠡ ᠪᠣᠳᠣᠯᠭ᠎ᠠ ᠮᠥᠨ᠃ ᠭᠠᠪᠢᠶ᠎ᠠ ᠶᠢ ᠴᠢᠳᠠᠪᠤᠷᠢᠲᠠᠨ ᠪᠦᠲᠦᠭᠡᠵᠦ᠂ ᠦᠢᠯᠡᠰ ᠢ ᠴᠢᠳᠠᠪᠤᠷᠢᠲᠠᠨ ᠥᠷᠭᠡᠳᠬᠡᠳᠡᠭ᠃ ᠨᠠᠮ ᠠᠴᠠ ᠴᠢᠳᠠᠪᠤᠷᠢᠲᠠᠨ  ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠶᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠩ ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠷᠭᠡᠨ ᠤᠯᠠᠨ ᠴᠢᠳᠠᠪᠤᠷᠢᠲᠠᠨ ᠤ ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠭᠦᠭᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠭᠦ᠂ ᠠᠷᠠᠳ ᠲᠦᠮᠡᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠤᠨ᠎ᠠ᠃ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠨ ᠢ ᠬᠠᠮᠲᠤ ᠳᠤᠨᠢ ᠠᠳᠬᠤᠬᠤ ᠶᠢ ᠪᠠᠷᠢᠮᠲᠠᠯᠠᠨ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠣᠨ ᠰᠢᠨ᠎ᠡ ᠶᠢ ᠡᠭᠦᠳᠭᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠳᠠᠪᠤᠷᠢᠲᠠᠨ ᠤ ᠤᠯᠠᠨ ᠤᠯᠤᠰ ᠲᠠᠬᠢ ᠥᠷᠢᠰᠦᠯᠳᠦᠭᠡᠨ ᠤ ᠬᠠᠷᠢᠴᠠᠩᠭᠤᠢ ᠳᠠᠪᠠᠭᠤᠯᠢᠭ ᠪᠠᠶᠢᠳᠠᠯ ᠢ ᠬᠦᠴᠦᠯᠡᠨ ᠪᠤᠢ ᠪᠣᠯᠭᠠᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠨᠡᠩ ᠤᠯᠠᠨ ᠶᠡᠭᠡ ᠪᠠᠭᠰᠢᠲᠠᠨ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ᠂ ᠲᠡᠷᠢᠭᠦᠨ ᠵᠡᠷᠭᠡ  ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠭᠦ ᠪᠦᠯᠭᠦᠮ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ  ᠤᠨ ᠵᠠᠯᠠᠭᠤ ᠴᠢᠳᠠᠪᠤᠷᠢᠲᠠᠨ᠂ ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠥᠨᠳᠥᠷ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠦᠨ ᠪᠤᠢ ᠪᠣᠯᠭᠠᠨ᠎ᠠ᠃ ᠴᠢᠳᠠᠪᠤᠷᠢᠲᠠᠨ ᠤ ᠤᠯᠠᠨ ᠤᠯᠤᠰ ᠤᠨ ᠰᠣᠯᠢᠯᠴᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ ᠪᠦᠭᠦ ᠰᠡᠳᠬᠢᠯ ᠢᠶᠠᠷ ᠢᠶᠠᠨ ᠴᠢᠳᠠᠪᠤᠷᠢᠲᠠᠨ ᠢ ᠬᠥᠮᠥᠵᠢᠭᠦᠯᠵᠦ ᠂ ᠴᠢᠩ ᠰᠡᠳᠬᠢᠯ ᠠᠴᠠ ᠪᠠᠨ ᠴᠢᠳᠠᠪᠤᠷᠢᠲᠠᠨ ᠢ ᠤᠷᠢᠵᠤ᠂ ᠰᠡᠳᠬᠢᠯ ᠲᠠᠯᠪᠢᠨ ᠴᠢᠳᠠᠪᠤᠷᠢᠲᠠᠨ ᠢ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠢ ᠬᠦᠨᠳᠦᠳᠬᠡᠨ᠂ ᠨᠢᠭᠡ ᠯᠡ ᠬᠡᠪ ᠲᠤ ᠪᠠᠷᠢᠭᠳᠠᠬᠤ ᠦᠭᠡᠢ ᠪᠠᠷ ᠡᠯ᠎ᠡ ᠲᠠᠯ᠎ᠠ  ᠶᠢᠨ ᠰᠢᠯᠢᠳᠡᠭ ᠴᠢᠳᠠᠪᠤᠷᠢᠲᠠᠨ ᠢ ᠴᠤᠭᠯᠠᠭᠤᠯᠤᠨ ᠨᠠᠮ ᠪᠠ ᠠᠷᠠᠳ ᠲᠦᠮᠡᠨ ᠤ ᠦᠢᠯᠡᠰ ᠲᠤ ᠦᠢᠯᠡᠴᠢᠯᠡᠭᠦᠯᠦᠨ᠎ᠡ᠃       ᠵᠢᠷᠭᠤᠭ᠎ᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠨ᠎ᠠ       ᠮᠠᠨ ᠤ ᠤᠯᠤᠰ ᠪᠣᠯ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ ᠰᠠᠭᠤᠷᠢ ᠪᠤᠯᠭᠠᠬᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ ᠵᠢᠷᠤᠮᠲᠤ ᠤᠯᠤᠰ ᠮᠥᠨ᠂ ᠲᠦᠷᠦ ᠶᠢᠨ ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ᠃ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠮᠢ ᠨᠠᠰᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠢᠪᠠᠰᠤ ᠵᠣᠬᠢᠬᠤ ᠠᠭᠤᠯᠭ᠎ᠠ ᠮᠥᠨ᠃       ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠮᠥᠨ ᠴᠢᠨᠠᠷ ᠤᠨ ᠰᠢᠨᠵᠢ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠠᠷᠠᠳᠴᠢᠯᠠᠯ ᠮᠥᠨ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠨ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ ᠵᠣᠷᠢᠭ ᠢ ᠭᠦᠢᠴᠡᠳ ᠢᠯᠡᠷᠡᠭᠦᠯᠦᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠨ᠎ᠡ᠃ ᠪᠢᠳᠡ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠤᠯᠴᠠᠬᠤ ᠶᠢ ᠥᠷᠭᠡᠳᠬᠡᠨ᠂ ᠠᠷᠠᠳ ᠲᠦᠮᠡᠨ ᠤ ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠪᠠᠳᠠᠷᠠᠭᠤᠯᠤᠨ᠂ ᠠᠮᠢᠳᠤ ᠴᠣᠪᠣᠭᠤᠯᠢᠭ᠂ ᠠᠮᠤᠷ ᠲᠣᠭᠲᠠᠭᠤᠨ ᠪᠦᠯᠬᠦᠮᠳᠡᠨ ᠨᠢᠭᠡᠳᠦᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃       ︵ᠨᠢᠭᠡ︶ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠰᠠᠭᠤᠷᠢ ᠤᠯᠤᠰ ᠲᠦᠷᠦ ᠶᠢᠨ ᠪᠠᠶᠢᠭᠤᠯᠤᠯ᠂ ᠴᠢᠬᠤᠯᠠ ᠤᠯᠤᠰ ᠲᠦᠷᠦ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠯ ᠤᠨ ᠠᠷᠭ᠎ᠠ ᠵᠠᠮ ᠢ ᠥᠷᠭᠡᠳᠬᠡᠨ᠂ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠵᠤ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ ᠪᠠ ᠭᠡᠯᠪᠡᠷᠢ ᠪᠠᠷ ᠳᠠᠮᠵᠢᠨ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠬᠤ᠂ ᠨᠡᠶᠢᠭᠡᠮ ᠤᠨ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠨ᠎ᠠ᠃ ᠠᠷᠠᠳ ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ ᠲᠥᠷᠥ ᠶᠢᠨ ᠡᠷᠬᠡ ᠶᠢ ᠬᠡᠷᠡᠭᠵᠢᠭᠦᠯᠬᠦ  ᠶᠢ ᠳᠡᠮᠵᠢᠨ ᠪᠠᠲᠤᠯᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠥᠮ ᠠᠷᠠᠳᠴᠢᠯᠠᠯ ᠢᠶᠠᠷ ᠰᠣᠩᠭᠤᠨ ᠭᠠᠷᠭᠠᠵᠤ᠂ ᠠᠷᠠᠳ ᠲᠦᠮᠡᠨ  ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ  ᠶᠢᠨ ᠬᠤᠷᠢᠶᠠᠨ ᠤ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠲᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ᠤᠯᠤᠰ ᠤᠨ ᠬᠠᠤᠯᠢᠵᠢᠯ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠴᠢᠳᠠᠪᠤᠷᠢ  ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠣᠯᠠᠨ ᠤ ᠬᠠᠷᠢᠯᠴᠠᠭ᠎ᠠ ᠶᠢ ᠨᠢᠭᠲᠠᠷᠠᠭᠤᠯᠤᠨ᠎ᠠ᠃ ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ ᠰᠠᠶᠢᠲᠤᠷ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ  ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠮᠥᠨ ᠤ ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠂ ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃       ︵ᠬᠤᠶᠠᠷ︶ ᠵᠥᠪᠯᠡᠭᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠎ᠡ᠃ ᠵᠥᠪᠯᠡᠭᠦ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠵᠥᠪᠯᠡᠭᠦ ᠠᠷᠠᠳᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ ᠠᠷᠠᠳ ᠤᠨ ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠯᠡᠯᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠭᠦ ᠲᠠᠪᠴᠠᠩ ᠢ ᠪᠦᠷᠢᠨᠰᠢᠭᠦᠯᠦᠨ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠭᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ ᠦᠢᠯᠡᠳᠦᠯ ᠢ ᠪᠠᠳᠠᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠦᠨᠵᠡᠭᠡᠢ ᠵᠥᠪᠳᠡᠯᠴᠡᠨ ᠬᠥᠳᠡᠯᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ  ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠷᠢᠯᠴᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃       ︵ᠭᠤᠷᠪᠠ︶ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠨ ᠱᠠᠲᠤᠨ ᠤ ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠢᠯᠡᠷᠡᠯ ᠮᠥᠨ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ  ᠤ ᠤᠯᠠᠨ ᠲᠦᠮᠡᠨ ᠤ ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠤᠯᠠᠨ ᠲᠦᠮᠡᠨ ᠤ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯ᠎ᠡ ᠲᠦᠷᠦᠯ ᠤᠨ ᠬᠠᠮᠲᠤ ᠴᠣᠭᠴᠠ ᠶᠢᠨ ᠦᠨᠳᠦᠰᠦᠨ ᠱᠠᠲᠤᠨ ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ ᠥᠷᠭᠡᠳᠬᠡᠨ᠂ ᠠᠷᠠᠳ ᠲᠦᠮᠡᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠪᠣᠯᠣᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠤᠯᠢ ᠶᠣᠰᠣᠭᠠᠷ ᠬᠠᠮᠢᠶᠠᠷᠬᠤ ᠶᠢ ᠪᠠᠲᠤᠯᠠᠨ᠎ᠠ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠨ᠂ ᠠᠵᠢᠯᠲᠠᠨ ᠠᠵᠢᠯᠴᠢᠨ  ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠯ ᠢᠶᠠᠷ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃       ︵ᠳᠥᠷᠪᠡ︶ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠨᠢᠭᠡᠳᠦᠮᠡᠯ ᠹᠷᠣᠨᠲ ᠪᠣᠯ ᠬᠥᠮᠥᠨ ᠤ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠡᠷᠳᠡᠨᠢ ᠮᠥᠨ᠃ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠭᠦ ᠳᠤᠮᠳᠠᠳᠤ  ᠶᠢᠨ ᠬᠥᠪᠡᠭᠦᠳ ᠥᠬᠢᠳ ᠢ ᠲᠠᠶᠢᠴᠢᠯᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠲᠣᠭᠤᠷᠢᠨ ᠳᠤ ᠬᠠᠮᠲᠤ ᠪᠠᠷ ᠰᠡᠳᠬᠢᠵᠦ᠂ ᠬᠠᠮᠲᠤ ᠪᠠᠷ ᠠᠵᠢᠯᠯᠠᠨ᠎ᠠ᠃ ᠮᠠᠨ ᠤ ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ ᠠᠴᠠ ᠪᠠᠨ ᠨᠥᠬᠦᠷᠯᠡᠬᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠶᠢ ᠪᠠᠷᠢᠮᠲᠠᠯᠠᠨ᠂ ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ ᠤᠨ ᠪᠤᠰᠤ ᠬᠥᠮᠥᠰ ᠯᠦᠭᠡ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳᠴᠢᠯᠠᠭᠰᠠᠨ ᠨᠠᠮ ᠪᠦᠯᠦᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠡᠭᠦᠷᠭᠡ ᠴᠢᠳᠠᠪᠤᠷᠢ  ᠪᠠᠨ ᠨᠡᠩ ᠰᠠᠶᠢᠨ ᠭᠦᠢᠴᠡᠳᠬᠡᠬᠦ ᠶᠢ ᠲᠡᠮᠵᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ᠃ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠨᠠᠮ ᠤᠨ ᠭᠠᠳᠠᠨᠠᠬᠢ ᠰᠡᠬᠡᠭᠡᠲᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠠᠵᠢᠯ ᠢ ᠰᠠᠶᠢᠲᠤᠷ ᠬᠢᠵᠦ᠂ ᠬᠠᠮᠲᠤ ᠪᠠᠷ ᠲᠡᠮᠡᠴᠡᠬᠦ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠪᠣᠯᠣᠨ ᠠᠷᠠᠯᠵᠢᠶᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠬᠠᠮᠲᠤ ᠪᠠᠷ ᠴᠢᠷᠮᠠᠶᠢᠨ ᠵᠢᠳᠭᠦᠭᠦ ᠬᠦᠴᠦᠷᠬᠡᠭ ᠶᠡᠭᠡ ᠬᠦᠴᠦᠨ ᠴᠢᠳᠠᠯ ᠢ ᠪᠦᠷᠢᠯᠳᠦᠭᠦᠯᠦᠨ᠎ᠡ᠃       ᠳᠣᠯᠤᠭ᠎ᠠ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ       ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠲᠦᠷᠦ ᠶᠢ ᠵᠠᠰᠠᠬᠤ ᠨᠢᠭᠡᠨ ᠤᠳᠠᠭ᠎ᠠ ᠶᠢᠨ ᠭᠦᠨᠵᠡᠭᠡᠢ ᠬᠤᠪᠢᠰᠬᠠᠯ ᠮᠥᠨ᠂ ᠲᠡᠷᠡ ᠨᠢ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠲᠠᠢ ᠬᠤᠯᠪᠣᠭᠳᠠᠵᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠨᠠᠮ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠲᠠᠢ ᠬᠤᠯᠪᠣᠭᠳᠠᠳᠠᠭ᠃ ᠡᠷᠬᠡᠪᠰᠢ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃       ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠬᠤ ᠲᠣᠭᠤᠷᠢᠨ ᠳᠤ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠥᠷᠥ ᠪᠠᠷᠢᠬᠤ᠂ ᠬᠠᠤᠯᠢ ᠪᠠᠷ ᠵᠠᠰᠠᠭ ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃       ︵ᠨᠢᠭᠡ︶ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠪᠠᠷ ᠲᠦᠷᠦ ᠪᠠᠷᠢᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠨ᠂ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠦᠨᠳᠦᠰᠦᠨ ᠬᠠᠤᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠠ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠥᠭᠡᠷᠡᠴᠢᠯᠡᠬᠦ ᠤᠰᠠᠳᠬᠠᠬᠤ ᠲᠠᠶᠢᠯᠪᠤᠷᠢᠯᠠᠬᠤ ᠨᠠᠶᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭᠴᠢ ᠴᠢᠨᠠᠷ ᠢ ᠴᠢᠩᠭᠠᠳᠬᠠᠨ᠎ᠠ᠃ ᠳᠠᠩᠰᠠᠯᠠᠵᠤ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ  ᠶᠢ ᠪᠠᠷᠢᠮᠲᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃       ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠵᠠᠰᠠᠭ ᠤᠨ ᠣᠷᠳᠣᠨ  ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠪᠣᠯᠣᠨ ᠵᠣᠬᠢᠶᠠᠨ ᠪᠠᠶᠢᠭᠤᠯᠤᠯᠲᠠ ᠶᠢᠨ ᠪᠦᠲᠦᠴᠡ  ᠶᠢ ᠰᠢᠯᠢᠳᠡᠭᠵᠢᠭᠦᠯᠵᠦ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢᠵᠢᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠢᠲᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠎ᠡ᠃       ︵ᠭᠤᠷᠪᠠ︶ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨ᠎ᠠ᠃ ᠲᠥᠪ ᠭᠤᠣᠯᠴᠢ ᠪᠠᠷ ᠬᠠᠤᠯᠢ ᠪᠠᠷᠢᠬᠤ ᠪᠣᠯ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠲᠥᠪ ᠭᠤᠣᠯᠴᠢ ᠥᠨᠳᠥᠷ ᠪᠦᠲᠦᠮᠵᠢᠲᠡᠢ ᠡᠷᠬᠡ ᠰᠦᠷᠲᠦ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠦᠷᠢᠮ ᠢ ᠲᠦᠷᠭᠡᠳᠬᠡᠨ ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠨ᠎ᠠ᠃ ᠬᠠᠤᠯᠢ ᠪᠠᠷᠢᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢ ᠪᠠᠷᠢᠬᠤ ᠠᠵᠢᠯᠯᠠᠭ᠎ᠠ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠲᠥᠪ ᠭᠤᠣᠯᠴᠢ  ᠪᠠᠷ ᠬᠠᠤᠯᠢ ᠪᠠᠷᠢᠬᠤ ᠶᠢ ᠠᠬᠢᠭᠤᠯᠤᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠳᠦᠷᠢᠮ ᠢ ᠲᠡᠭᠦᠯᠳᠡᠷᠵᠢᠭᠦᠯᠦᠨ᠎ᠡ᠃       ︵ᠳᠥᠷᠪᠡ︶ ᠬᠠᠤᠯᠢᠵᠢᠯ ᠤᠨ ᠨᠡᠶᠢᠭᠡᠮ ᠢ ᠲᠦᠷᠭᠡᠳᠬᠡᠨ ᠪᠠᠶᠢᠭᠤᠯᠤᠨ᠎ᠠ᠃ ᠬᠠᠤᠯᠢᠵᠢᠯ ᠤᠨ ᠨᠡᠶᠢᠭᠡᠮ ᠪᠣᠯ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ  ᠶᠢᠨ ᠰᠠᠭᠤᠷᠢ ᠮᠥᠨ᠃ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠵᠠᠯᠭᠠᠮᠵᠢᠯᠠᠨ᠂ ᠪᠦᠭᠦ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠬᠠᠤᠯᠢᠵᠢᠯ ᠤᠨ ᠦᠨᠡᠨᠴᠢ ᠰᠢᠳᠤᠷᠭᠤ ᠡᠷᠬᠢᠮᠯᠡᠨ ᠳᠡᠭᠡᠳᠦᠯᠡᠭᠴᠢ᠂ ᠤᠬᠠᠮᠰᠠᠷ ᠠᠴᠠ ᠪᠠᠨ ᠵᠢᠷᠤᠮᠯᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨ᠎ᠠ᠃ ᠬᠤᠳᠠ ᠬᠥᠳᠡᠭᠡ ᠶᠢ ᠬᠠᠮᠤᠷᠤᠭᠰᠠᠨ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠭᠦ ᠠᠷᠠᠳ ᠤᠨ ᠬᠠᠤᠯᠢᠵᠢᠯ ᠤᠨ ᠦᠵᠡᠯᠲᠡ ᠶᠢ ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ ᠤᠯᠠᠨ ᠬᠦᠷᠢᠶ᠎ᠡ ᠴᠠᠷᠠᠭᠠᠨ ᠤ ᠬᠠᠤᠯᠢ ᠪᠠᠷ ᠵᠠᠰᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠪᠠᠷ ᠴᠢᠷᠮᠠᠶᠢᠨ᠎ᠠ᠃       ᠨᠠᠢᠮᠠ᠂ ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠨ᠎ᠡ       ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠨ᠂ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ  ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠴᠡᠴᠡᠭᠯᠡᠭᠦᠯᠬᠦ᠂ ᠳᠦᠷᠢ ᠲᠥᠷᠬᠦ ᠪᠠᠨ ᠢᠯᠡᠷᠡᠭᠦᠯᠭᠦ ᠲᠣᠭᠤᠷᠢᠨ ᠳᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳ᠋ᠠᠬᠢᠨ ᠳᠤ ᠬᠠᠨᠳᠤᠭᠤᠯᠤᠭᠰᠠᠨ᠂ ᠢᠷᠡᠭᠡᠳᠦᠢ  ᠳᠤ ᠬᠠᠨᠳᠤᠭᠤᠯᠤᠭᠰᠠᠨ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠵᠦ᠂ ᠪᠦᠭᠦ ᠦᠨᠳᠦᠰᠦᠲᠡᠨ  ᠤ ᠰᠣᠶᠣᠯ ᠤᠨ ᠰᠢᠨ᠎ᠡ ᠶᠢ ᠡᠭᠦᠳᠭᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢ ᠴᠢᠩᠭᠠᠷᠠᠭᠤᠯᠤᠨ᠎ᠠ᠃       ᠪᠢᠳᠡ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠶᠢ ᠪᠠᠷᠢᠮᠲᠠᠯᠠᠵᠤ᠂ ᠴᠡᠴᠡᠭ ᠪᠦᠭᠦᠨ ᠢ ᠵᠡᠷᠭᠡ ᠪᠠᠷ ᠳᠡᠯᠭᠡᠷᠡᠭᠦᠯᠦᠨ᠂ ᠡᠷᠳᠡᠮᠲᠡᠨ ᠪᠦᠭᠦᠠ ᠢ ᠴᠢᠯᠦᠭᠡᠲᠡᠢ ᠶᠠᠷᠢᠯᠴᠠᠭᠤᠯᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯ ᠤᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ  ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃       ︵ᠨᠢᠭᠡ︶ ᠬᠦᠴᠦᠷᠬᠡᠭ ᠶᠡᠭᠡ ᠨᠢᠭᠲᠠᠷᠠᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠪᠣᠯ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠵᠤ᠂ ᠦᠨᠳᠦᠰᠦᠲᠡᠨ ᠤ ᠰᠦᠭ ᠰᠦᠨᠡᠰᠦ ᠶᠢ ᠱᠤᠭᠤᠬᠤ ᠠᠵᠢᠯ ᠮᠥᠨ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ᠂ ᠦᠢᠯᠡᠳᠦᠯᠭᠡ ᠶᠢ ᠵᠢᠯᠣᠭᠤᠳᠤᠭᠤᠯᠬᠤ ᠠᠵᠢᠯ ᠤᠨ ᠰᠢᠰᠲ᠋ᠧᠮ ᠢ ᠪᠦᠷᠢᠨᠰᠢᠭᠦᠯᠦᠨ᠎ᠡ᠃ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠦᠷᠢᠨ ᠵᠠᠭᠤᠴᠢᠯᠠᠭᠤᠷ  ᠤᠨ ᠳᠠᠮᠵᠢᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠦᠯᠵᠢᠶᠡᠨ ᠤ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠶᠢ ᠠᠬᠢᠭᠤᠯᠤᠨ᠎ᠠ᠃       ︵ᠬᠤᠶᠠᠷ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ ᠦᠢᠯᠡᠳᠦᠯᠭᠡᠵᠢᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠣᠯ ᠬᠥᠮᠥᠰ ᠤᠨ ᠰᠡᠳᠬᠢᠯ ᠪᠠ ᠠᠷᠠᠳ ᠤᠨ ᠬᠦᠴᠦᠨ ᠢ ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠮᠥᠨ᠃ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ ᠪᠠᠳᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ  ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠦᠨ᠎ᠡ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠦᠬᠡ ᠪᠠᠨ ᠮᠡᠳᠡᠵᠦ ᠨᠠᠮ ᠢᠶᠠᠨ ᠬᠠᠶᠢᠷᠠᠯᠠᠬᠤ᠂ ᠲᠡᠦᠬᠡ ᠪᠠᠨ ᠮᠡᠳᠡᠵᠦ ᠤᠯᠤᠰ ᠢᠶᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠲᠤᠳᠬᠠᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ  ᠤᠨ ᠦᠵᠡᠯᠲᠡ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠠᠷ ᠤᠯᠤᠰ ᠢ ᠵᠠᠰᠠᠬᠤ ᠪᠠ ᠶᠣᠰᠣ ᠰᠤᠷᠲᠠᠬᠤᠨ ᠢᠶᠠᠷ ᠤᠯᠤᠰ ᠢ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢᠵᠢᠯ ᠤᠨ ᠪᠠᠶᠢᠭᠤᠯᠤᠯᠲᠠ ᠳᠤ ᠠᠭᠤᠰᠬᠠᠨ᠂ ᠨᠡᠶᠢᠭᠡᠮ ᠤᠨ ᠬᠥᠭᠵᠢᠯᠲᠡ ᠳᠤ ᠠᠭᠤᠰᠬᠠᠵᠤ᠂ ᠡᠳᠦᠷ ᠲᠤᠳᠤᠮ ᠤᠨ ᠠᠮᠢᠳᠤᠷᠠᠯ ᠳᠤ ᠠᠭᠤᠰᠬᠠᠨ᠎ᠠ᠃       ︵ᠭᠤᠷᠪᠠ︶ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠢᠷᠭᠡᠨ ᠤ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠶᠣᠰᠣ ᠰᠤᠷᠲᠠᠬᠤᠨ ᠢ ᠪᠠᠳᠠᠷᠠᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠶᠡᠭᠡ ᠶᠣᠰᠣ ᠶᠢ ᠮᠡᠳᠡᠭᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ ᠶᠣᠰᠣ ᠶᠢ ᠴᠢᠩᠳᠠᠯᠠᠬᠤ ᠶᠢ ᠠᠬᠢᠭᠤᠯᠵᠤ᠂ ᠠᠷᠠᠳ ᠲᠦᠮᠡᠨ ᠤ ᠶᠣᠰᠣ ᠰᠤᠷᠲᠠᠬᠤᠨ ᠤ ᠲᠦᠪᠰᠢᠨ ᠪᠣᠯᠣᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠪᠦᠭᠦ ᠨᠡᠶᠢᠭᠡᠮ ᠳᠤ ᠭᠦᠳᠡᠯᠮᠦᠷᠢ ᠶᠢᠨ ᠵᠣᠷᠢᠭ ᠰᠠᠨᠠᠭ᠎ᠠ᠂ ᠲᠡᠮᠡᠴᠡᠯ ᠤᠨ ᠵᠣᠷᠢᠭ ᠰᠠᠨᠠᠭ᠎ᠠ᠂ ᠭᠤᠶᠠᠴᠢ ᠦᠭᠡᠢ ᠵᠢᠳᠭᠦᠭᠦ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠵᠣᠷᠢᠭ ᠰᠠᠨᠠᠭᠠᠨ ᠤ ᠬᠥᠲᠥᠯᠥᠨ ᠳᠠᠭᠠᠭᠤᠯᠬᠤ᠂ ᠨᠡᠶᠢᠲᠡᠯᠢᠭ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ  ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠳᠡᠭᠡᠳᠦᠯᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠤᠨ᠎ᠠ᠃       ︵ᠳᠥᠷᠪᠡ︶ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠴᠢᠳᠠᠯ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ ᠤᠯᠠᠨ ᠭᠠᠷᠭᠠᠵᠤ᠂ ᠮᠣᠷᠠᠯ ᠡᠷᠳᠡᠮ ᠬᠤᠣᠰᠯᠠᠭᠰᠠᠨ ᠦᠯᠡᠮᠵᠢ ᠤᠯᠠᠨ ᠤᠳᠬ᠎ᠠ ᠵᠣᠬᠢᠶᠠᠯᠴᠢ ᠤᠷᠠᠯᠢᠭᠴᠢᠳ ᠪᠣᠯᠣᠨ ᠬᠡᠪᠴᠢᠶ᠎ᠡ ᠪᠠᠷ ᠠᠤᠭ᠎ᠠ ᠶᠡᠭᠡ ᠰᠣᠶᠣᠯ ᠤᠷᠠᠯᠢᠭ  ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠤᠶᠢᠵᠢᠭᠤᠯᠤᠨ᠎ᠠ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ ᠪᠠᠷᠢᠮᠲᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠣᠶᠣᠯ ᠤᠨ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠰᠣᠶᠣᠯ ᠤᠨ ᠲᠤᠭᠠᠴᠢᠯᠠᠭᠤᠯᠤᠯᠳᠠ ᠶᠢᠨ ᠪᠠᠶᠢᠯᠳᠤᠬᠤ ᠪᠣᠳᠣᠯᠭ᠎ᠠ  ᠶᠢ ᠬᠡᠷᠡᠭᠵᠢᠭᠦᠯᠵᠦ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠦᠨ᠎ᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠣᠨ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠵᠤ ᠰᠠᠶᠢᠲᠤᠷ ᠬᠡᠷᠡᠭᠯᠡᠨ᠎ᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠭᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠪᠡᠶ᠎ᠡ ᠶᠢᠨ ᠲᠠᠮᠢᠷ ᠪᠣᠯᠣᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃       ︵ᠲᠠᠪᠤ︶ ᠳᠤᠮᠳᠠᠳᠤ ᠶᠢᠨ ᠪᠣᠯᠪᠠᠰᠤᠨ ᠤ ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ᠃ ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ ᠤ ᠤᠶᠤᠨ ᠰᠠᠨᠠᠭᠠᠨ ᠤ ᠪᠡᠯᠭᠡ ᠲᠡᠮᠳᠡᠭ ᠪᠣᠯᠣᠨ ᠰᠣᠶᠣᠯ ᠤᠨ ᠤᠭᠢ ᠰᠣᠳᠣ ᠶᠢ ᠪᠣᠯᠪᠠᠰᠤᠷᠠᠭᠤᠯᠤᠨ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠦᠭᠡ ᠭᠡᠯᠡᠭᠦ ᠪᠠ ᠦᠭᠦᠯᠡᠭᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠤᠨ᠂ ᠢᠲᠡᠭᠡᠭᠦᠰᠢᠲᠡᠢ᠂ ᠬᠠᠶᠢᠷᠠᠯᠠᠭᠤᠰᠢᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ  ᠤᠨ ᠳᠦᠷᠢ ᠲᠥᠷᠬᠦ ᠶᠢ ᠬᠠᠷᠠᠭᠤᠯᠤᠨ᠎ᠠ᠃ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠣᠯᠣᠨ ᠳᠡᠯᠡᠬᠡᠢ ᠶᠢᠨ ᠪᠠᠶᠢᠷᠢ ᠰᠠᠭᠤᠷᠢ ᠯᠤᠭ᠎ᠠ ᠵᠣᠬᠢᠴᠠᠭᠰᠠᠨ ᠳᠡᠯᠡᠬᠡᠢ ᠳᠡᠭᠡᠷᠡᠬᠢ ᠦᠭᠡ ᠭᠡᠯᠡᠭᠦ ᠡᠷᠬᠡ ᠶᠢ ᠪᠤᠢ ᠪᠣᠯᠭᠠᠨ᠎ᠠ᠃ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ ᠳᠡᠯᠡᠬᠡᠢ ᠳ᠋ᠠᠬᠢᠨ ᠳᠤ ᠬᠠᠨᠳᠤᠬᠤ ᠶᠢ ᠠᠬᠢᠭᠤᠯᠤᠨ᠎ᠠ᠃      ᠶᠢᠰᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ       ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ  ᠢ ᠤᠳᠤᠷᠢᠳᠤᠨ ᠲᠦᠷᠦ ᠭᠦᠷᠤᠨ ᠢ ᠪᠠᠶᠢᠭᠤᠯᠵᠤ ᠲᠦᠷᠦ ᠭᠦᠷᠤᠨ ᠢᠶᠠᠨ ᠰᠠᠬᠢᠬᠤ ᠳᠤ᠂ ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠶᠤᠮ᠃ ᠲᠦᠷᠤ ᠶᠢ ᠵᠠᠰᠠᠬᠤ ᠳᠤᠷ ᠲᠣᠭᠲᠠᠭᠰᠠᠨ ᠪᠣᠳᠣᠯᠭ᠎ᠠ ᠠᠮᠣᠢ᠂ ᠠᠷᠠᠳ ᠲᠤ ᠠᠰᠢᠭ ᠬᠦᠷᠲᠡᠭᠡᠬᠦ ᠠᠨᠤ ᠦᠨᠳᠦᠰᠦ ᠪᠤᠯᠠᠢ᠃ ᠠᠷᠠᠳ ᠲᠦᠮᠡᠨ ᠳᠤ ᠪᠤᠶᠠᠨ ᠦᠢᠯᠡᠳᠭᠦ ᠪᠣᠯ ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠲᠤ ᠪᠠᠷ ᠲᠡᠮᠡᠴᠡᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠦᠨ᠎ᠡ᠃       ᠪᠢᠳᠡ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠨ᠂ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠨᠨ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ ᠭᠦᠷᠳᠡᠭᠦ᠋ᠢᠴᠡ ᠴᠢᠨᠠᠷ ᠢ ᠴᠢᠩᠭᠠᠳᠬᠠᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃       ︵ᠨᠢᠭᠡ︶ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠪᠢᠶᠠᠷᠢᠯᠠᠯᠲᠠ ᠶᠢᠨ ᠳᠦᠷᠢᠮ ᠪᠣᠯ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠳᠦᠷᠢᠮ ᠮᠥᠨ᠃ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ ᠤᠯᠠᠨ ᠲᠦᠷᠤᠯ ᠤᠨ ᠬᠤᠪᠢᠶᠠᠷᠢᠯᠠᠯᠲᠠ  ᠶᠢᠨ ᠠᠷᠭ᠎ᠠ ᠭᠡᠯᠪᠡᠷᠢ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ᠂ ᠲᠠᠭᠢᠨ ᠬᠤᠪᠢᠶᠠᠷᠢᠯᠠᠯᠲᠠ᠂ ᠭᠤᠷᠪᠠᠳᠠᠭᠢ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠤᠯᠤᠰ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠡᠵᠡᠯᠡᠭᠦ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢ ᠶᠢᠨ ᠵᠢᠩ ᠢ ᠴᠢᠷᠮᠠᠶᠢᠨ ᠳᠡᠭᠡᠭᠰᠢᠯᠡᠭᠦᠯᠵᠦ᠂ ᠠᠩᠬᠠᠨ ᠤ ᠬᠤᠪᠢᠶᠠᠷᠢᠯᠠᠯᠲᠠ ᠳᠤ ᠡᠵᠡᠯᠡᠭᠦ ᠭᠦᠳᠡᠯᠮᠦᠷᠢ ᠶᠢᠨ ᠬᠥᠯᠥᠰᠦ ᠣᠯᠭᠤᠮᠵᠢ  ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ ᠶᠢ ᠪᠠᠷᠢᠮᠲᠠᠯᠠᠨ᠂ ᠠᠵᠢᠯᠴᠢ ᠭᠦᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠲᠣᠭᠢᠶᠠᠯ ᠢ ᠲᠥᠪ ᠭᠤᠣᠯᠴᠢ ᠪᠠᠶᠢᠯᠭᠠᠬᠤ ᠶᠢ ᠠᠬᠢᠭᠤᠯᠤᠨ᠂ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ  ᠶᠢᠨ ᠣᠷᠣᠯᠭ᠎ᠠ ᠲᠠᠢ ᠬᠥᠮᠥᠰ ᠤᠨ ᠲᠤᠭ᠎ᠠ ᠶᠢ ᠨᠡᠮᠡᠭᠳᠡᠭᠦᠯᠦᠨ᠎ᠡ᠃ ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠣᠯᠠᠨ ᠲᠦᠮᠡᠨ ᠤ ᠬᠦᠴᠦᠨ ᠵᠦᠢᠯ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠬᠦ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠥᠭᠭᠦ ᠵᠡᠷᠭᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠵᠤ᠂ ᠬᠠᠤᠯᠢ ᠶᠣᠰᠣᠨ ᠤ ᠣᠷᠣᠯᠭ᠎ᠠ ᠶᠢ ᠬᠠᠮᠠᠭᠠᠯᠠᠨ᠂ ᠭᠡᠳᠦ ᠥᠨᠳᠥᠷ ᠣᠷᠣᠯᠭ᠎ᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠨ᠎ᠠ᠃ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠬᠥᠲᠥᠯᠥᠨ ᠵᠢᠯᠤᠭᠤᠳᠴᠤ ᠳᠡᠮᠵᠢᠨ᠎ᠡ᠃       ︵ᠬᠤᠶᠠᠷ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠭᠦ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠬᠥᠮᠥᠰ ᠤᠨ ᠠᠵᠢᠯ ᠣᠯᠭᠤᠯᠲᠠ ᠳᠤ ᠦᠨᠳᠦᠰᠦᠨ ᠵᠦᠢᠯ ᠢ ᠨᠢ ᠪᠠᠲᠤᠯᠠᠵᠤ ᠬᠠᠪᠰᠤᠷᠤᠨ ᠲᠡᠳᠭᠦᠭᠦ ᠶᠢ ᠴᠢᠩᠭᠠᠳᠬᠠᠨ᠎ᠠ᠃ ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠵᠦ᠂ ᠭᠦᠳᠡᠯᠮᠦᠷᠢ ᠬᠦᠴᠦ ᠪᠣᠯᠣᠨ ᠴᠢᠳᠠᠪᠤᠷᠢᠲᠠᠨ ᠤ ᠰᠢᠯᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠪᠠ ᠲᠦᠷᠦ ᠶᠢᠨ ᠪᠣᠳᠣᠯᠭ᠎ᠠ ᠶᠢᠨ ᠭᠡᠮ ᠰᠣᠭᠤᠭ ᠢ ᠠᠷᠢᠯᠭᠠᠨ᠂ ᠡᠷᠬᠡ ᠲᠡᠭᠰᠢ ᠠᠵᠢᠯ ᠣᠯᠭᠤᠯᠲᠠ ᠶᠢ ᠨᠥᠯᠥᠭᠡᠯᠡᠵᠦ ᠪᠠᠶᠢᠭ᠎ᠠ ᠵᠦᠢ ᠵᠣᠬᠢᠰ ᠦᠭᠡᠢ ᠬᠢᠵᠠᠭᠠᠷᠯᠠᠯ ᠪᠣᠯᠣᠨ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠵᠤ᠂ ᠬᠥᠮᠥᠨ ᠪᠦᠭᠦᠨ ᠳᠤ ᠴᠥᠮ ᠰᠢᠷᠭᠠᠭᠤ ᠭᠦᠳᠡᠯᠮᠦᠷᠢ ᠪᠠᠷ ᠢᠶᠠᠨ ᠥᠪᠡᠷ ᠢ ᠪᠠᠨ ᠬᠥᠭᠵᠢᠭᠦᠯᠬᠦ ᠵᠠᠪᠰᠢᠶᠠᠨ ᠲᠠᠢ ᠪᠣᠯᠭᠠᠨ᠎ᠠ᠃ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠦᠷᠢᠨᠰᠢᠭᠦᠯᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠦᠢᠯᠡᠰ ᠪᠣᠰᠬᠠᠬᠤ ᠪᠠᠷ ᠲᠠᠮᠵᠢᠨ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠢ ᠬᠥᠭᠵᠢᠭᠦᠯᠬᠦ  ᠶᠢ ᠲᠡᠮᠵᠢᠵᠤ ᠵᠢᠷᠤᠮᠵᠢᠭᠤᠯᠤᠨ᠎ᠠ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠮᠢᠳᠤᠯᠢᠭ ᠢᠶᠠᠷ ᠠᠵᠢᠯ ᠣᠯᠬᠤ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠬᠤ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃       ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠪᠣᠯ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ ᠲᠣᠭᠲᠠᠪᠤᠷᠢᠵᠢᠭᠤᠯᠤᠭᠴᠢ ᠮᠥᠨ᠃ ᠪᠦᠭᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦ᠋ᠢᠴᠡ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠢ ᠪᠦᠭᠦ ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠯᠠᠨ ᠲᠡᠰ ᠳᠠᠪᠬᠤᠷᠭᠠᠲᠤ᠂ ᠤᠯᠠᠨ ᠲᠤᠯᠭᠠᠭᠤᠷᠢᠳᠤ ᠰᠢᠰᠲ᠋ᠧᠮ ᠢ ᠬᠥᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠠᠭᠠᠵᠢᠮ ᠠᠬᠢᠭᠤᠯᠬᠤ ᠮᠠᠶ᠋ᠢᠭ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ ᠡᠮᠴᠢᠯᠡᠭᠡᠨ ᠤ ᠦᠨᠳᠦᠰᠦᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠬᠦᠨᠳᠦ ᠡᠪᠡᠳᠴᠢᠨ ᠤ ᠳᠠᠭᠠᠳᠬᠠᠯ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠂ ᠬᠤᠳᠠᠯᠳᠤᠭᠠᠨ ᠤ ᠡᠮᠴᠢᠯᠡᠭᠡᠨ ᠤ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠪᠦᠭᠦ ᠤᠯᠤᠰ ᠤᠨ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨ᠎ᠡ᠃ ᠲᠡᠰ ᠳᠠᠪᠬᠤᠷᠭ᠎ᠠ ᠪᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ  ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠳᠬᠡᠨ ᠪᠠᠶᠢᠭᠤᠯᠤᠨ᠎ᠠ᠃       ︵ᠳᠥᠷᠪᠡ︶ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠪᠣᠯ ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠬᠦᠴᠦᠷᠬᠡᠭᠵᠢᠯ ᠤᠨ ᠴᠢᠬᠤᠯᠠ ᠪᠡᠯᠭᠡ ᠲᠡᠮᠳᠡᠭ ᠮᠥᠨ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠤᠨ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠲᠦᠷᠤᠬᠦ᠂ ᠦᠰᠭᠡᠨ ᠬᠦᠮᠤᠵᠢᠬᠦᠯᠬᠦ᠂ ᠰᠤᠷᠭᠠᠨ ᠬᠥᠮᠦᠵᠢᠬᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ ᠭᠤᠤᠨᠢ ᠪᠡᠶ᠎ᠠ ᠨᠠᠰᠤᠳᠠᠨ ᠳᠤ ᠦᠢᠯᠡᠴᠢᠯᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠪᠦᠬᠦ᠋ᠢᠯᠡ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠬᠦ ᠶᠢ ᠠᠬᠢᠭᠤᠯᠤᠨ᠎ᠠ᠃       ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠭᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠠ ᠶᠢ ᠥᠷᠭᠡᠳᠭᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠶᠢᠷᠢᠰᠢᠭᠤᠯᠤᠯᠳᠠ ᠶᠢ ᠠᠬᠢᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠨᠳᠦ ᠶᠡᠭᠡ ᠠᠷᠬᠠᠬ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ ᠵᠢᠷᠤᠮᠵᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠬᠥᠳᠡᠭᠡ ᠲᠣᠰᠭᠤᠨ ᠪᠠ ᠨᠡᠶᠢᠭᠡᠮ ᠲᠣᠭᠤᠷᠢᠭ ᠲᠤ ᠲᠠᠯᠪᠢᠨ᠎ᠠ᠃ ᠰᠡᠳᠭᠢᠴᠡ ᠶᠢᠨ ᠡᠷᠡᠭᠦᠯ ᠮᠡᠨᠳᠦ ᠪᠠ ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠦᠷᠢᠨᠰᠢᠭᠦᠯᠦᠨ᠂ ᠬᠦᠨᠳᠦ ᠶᠡᠭᠡ ᠬᠢᠵᠢᠭ ᠢ ᠡᠷᠲᠡᠬᠡᠨ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠰᠢᠰᠲ᠋ᠧᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠨ ᠲᠡᠯᠭᠡᠷᠡᠬᠦ ᠶᠢ ᠪᠦᠲᠦᠮᠵᠢᠲᠡᠶ ᠬᠤᠷᠢᠭᠯᠠᠨ᠎ᠠ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠤᠯᠤᠨ ᠡᠭᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃       ᠠᠷᠪᠠ᠂ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠶᠢ ᠠᠬᠢᠭᠤᠯᠤᠨ᠎ᠠ ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠦᠭᠵᠢᠬᠦ ᠶᠢᠨ ᠦᠨᠳᠦᠰᠦᠨ ᠨᠥᠬᠦᠴᠡᠯ ᠮᠥᠨ᠃ ᠪᠠᠶᠢᠭᠠᠯᠢ ᠶᠢ ᠬᠦᠨᠳᠦᠳᠭᠡᠨ᠂ ᠪᠠᠶᠢᠭᠠᠯᠢ  ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ ᠵᠢᠷᠤᠮᠲᠤ ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠲᠦᠯᠦᠪᠯᠡᠬᠦ ᠬᠡᠷᠡᠭᠲᠡᠢ᠃       ᠪᠢᠳᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ ᠤᠰᠤ ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠪᠣᠬᠢᠷᠲᠤᠯ ᠢ ᠵᠠᠰᠠᠬᠤ᠂ ᠠᠮᠢ ᠠᠬᠤᠶ ᠶᠢ ᠬᠠᠮᠠᠭᠠᠯᠠᠬᠤ᠂ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠶ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠭᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠰᠠᠨ᠂ ᠠᠷᠪᠢᠴᠢ ᠡᠷᠴᠢᠮᠯᠢᠭ᠂ ᠪᠤᠬᠢᠷᠳᠤᠯ ᠦᠭᠡᠢ ᠳᠤᠤᠷ᠎ᠡ ᠨᠡᠭᠦᠷᠡᠰᠦᠲᠥ᠋ᠷᠥᠭᠴᠢᠳᠦ ᠬᠥᠭᠵᠢᠯᠲᠡ ᠶᠢ ᠠᠬᠢᠭᠤᠯᠬᠤ ᠬᠡᠷᠡᠭᠲᠡᠶ᠃       ︵ᠨᠢᠭᠡ︶ ᠬᠦᠭᠵᠢᠯᠳᠡ ᠶᠢᠨ ᠬᠡᠯᠪᠡᠷᠢ ᠶᠢᠨ ᠪᠤᠬᠢᠷᠳᠤᠯ ᠦᠬᠡᠢ ᠲᠡᠶᠢᠰᠢ ᠬᠤᠪᠢᠷᠠᠬᠤ ᠶᠢ ᠲᠦᠷᠬᠡᠤᠨᠬᠡᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠤᠬᠢᠷᠳᠤᠯ ᠦᠭᠡᠶᠢᠵᠢᠯᠳᠡ᠂ ᠪᠠᠭ᠎ᠠ ᠨᠡᠭᠦᠷᠡᠰᠦᠳᠦ᠋ᠷᠦᠭᠴᠢᠵᠢᠯᠲᠡ ᠶᠢ ᠠᠬᠢᠭᠤᠯᠬᠤ ᠪᠣᠯ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠭᠡᠨ ᠠᠬᠢᠭᠤᠯᠤᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠪᠤᠬᠢᠷᠳᠤᠯ ᠦᠭᠡᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠢ ᠬᠥᠭᠵᠢᠭᠦᠯᠵᠦ ᠂ ᠡᠬᠢ ᠪᠠᠶᠠᠯᠢᠭ ᠣᠷᠴᠢᠨ ᠠᠬᠤᠢ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ ᠂ ᠪᠤᠬᠢᠷᠳᠤᠯ ᠦᠭᠡᠢ ᠬᠡᠷᠡᠭᠯᠡᠭᠡ ᠶᠢ ᠰᠠᠨᠠᠭᠠᠴᠢᠯᠠᠵᠤ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨ᠎ᠠ᠃            ︵ᠬᠤᠶᠠᠷ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠴᠡᠯᠮᠡᠭ ᠠᠭᠠᠷ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠠ᠃ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠵᠤ᠂ ᠬᠦᠨᠳᠦ ᠪᠣᠬᠢᠷᠲᠤᠯᠳᠤ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠬᠦᠯᠵᠦ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ ᠠᠬᠢᠭᠤᠯᠵᠤ᠂ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠷᠥᠰᠥ ᠰᠢᠷᠤᠢ ᠶᠢᠨ ᠪᠣᠬᠢᠷᠲᠤᠯ ᠢ ᠡᠬᠢ ᠡᠬᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠥᠷᠨᠢᠭᠦᠯᠦᠨ᠎ᠡ᠃ ᠣᠷᠴᠢᠨ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠳᠤ ᠦᠶ᠎ᠡ ᠶᠢᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠎ᠠ᠃       ︵ᠭᠤᠷᠪᠠ︶ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠷ ᠭᠤᠣᠯᠳᠠᠯᠭ᠎ᠠ ᠪᠣᠯᠭᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠭᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠬᠠᠮᠲᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠣᠶ ᠰᠢᠭᠤᠢ ᠭᠤᠤᠯ ᠮᠥᠷᠡᠨ ᠨᠠᠭᠤᠷ ᠪᠦᠷᠢᠲᠦ ᠨᠤᠭᠤ ᠭᠠᠵᠠᠷ ᠢ ᠠᠮᠠᠷᠠᠭᠤᠯᠤᠨ ᠰᠡᠷᠭᠦᠭᠡᠭᠦ ᠶᠢ ᠬᠡᠷᠡᠭᠵᠢᠭᠦᠯᠵᠦ᠂ ᠬᠦᠬᠡᠮᠦᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠰᠠᠶᠢᠲᠤᠷ ᠬᠡᠷᠡᠭᠵᠢᠭᠦᠯᠵᠦ᠂ ᠲᠠᠷᠢᠶᠠᠨ ᠭᠠᠵᠠᠷ ᠢ ᠥᠨᠵᠢᠭᠦᠯᠦᠨ ᠳᠠᠷᠢᠬᠤ ᠡᠭᠡᠯᠵᠢᠯᠡᠨ ᠳᠠᠷᠢᠬᠤ ᠲᠦᠷᠢᠮ ᠢ ᠪᠦᠷᠢᠨᠰᠢᠭᠦᠯᠦᠨ᠎ᠡ᠃ ᠠᠮᠢ ᠠᠬᠤᠢ ᠶᠢᠨ ᠪᠦᠲᠦᠭᠡᠭᠳᠡᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠨ ᠬᠠᠯᠳᠠᠯᠭ᠎ᠠ ᠶᠢ ᠰᠡᠷᠭᠡᠶᠢᠯᠡᠨ ᠵᠠᠰᠠᠨ᠎ᠠ᠃       ︵ᠳᠥᠷᠪᠡ︶ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠨᠢᠭᠡ ᠤᠳᠠᠭᠠᠨ ᠤ ᠥᠷᠭᠡᠨ ᠳᠡᠯᠭᠡᠷ ᠪᠥᠭᠡᠳ ᠭᠦᠨ ᠭᠦᠨᠵᠡᠭᠡᠶ ᠠᠵᠤ ᠠᠬᠤᠶ ᠨᠡᠶᠢᠭᠡᠮ ᠤᠨ ᠰᠢᠰᠲ᠋ᠧᠮᠲᠦ ᠴᠢᠨᠠᠷᠲᠠᠶ ᠬᠤᠪᠢᠰᠤᠯᠲᠠ ᠮᠥᠨ᠃ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ᠂ ᠤᠷᠢᠳ ᠢᠶᠠᠷ ᠰᠢᠨ᠎ᠠ ᠪᠠᠷ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠲᠣᠬᠢᠷᠠᠭᠤᠯᠤᠯ ᠡᠵᠡᠮᠳᠡᠯ ᠢ ᠲᠡᠭᠦᠯᠳᠡᠷᠵᠢᠭᠦᠯᠵᠦ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠣᠰ ᠬᠢᠵᠠᠭᠠᠷᠯᠠᠯ︾ ᠤᠨ ᠳᠦᠷᠢᠮ ᠳᠤ ᠠᠯᠬᠤᠮ ᠠᠯᠬᠤᠮ ᠢᠶᠠᠷ ᠰᠢᠯᠵᠢᠨ᠎ᠠ᠃ ᠡᠨᠧᠷᠭᠢ ᠶᠢᠨ ᠰᠤᠷᠪᠤᠯᠵᠢ ᠶᠢ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶ᠎ᠠ ᠴᠠᠷᠠᠭᠠᠨ ᠤ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠯᠲᠠ ᠶᠢ ᠴᠢᠩᠭᠠᠳᠬᠠᠵᠤ᠂ ᠲᠤᠰᠤ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠤᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠬᠡᠨ ᠢᠶᠠᠷ ᠲᠥᠯᠥᠪᠵᠢᠭᠦᠯᠦᠨ ᠪᠠᠶᠢᠭᠤᠯᠵᠤ᠂ ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠦᠯᠦᠪᠵᠢᠬᠦᠯᠵᠤ᠂ ᠴᠥᠮ᠎ᠡ ᠶᠢᠨ ᠴᠠᠬᠢᠯᠭᠠᠨ ᠢ ᠠᠮᠤᠷ ᠲᠦᠪᠰᠢᠨ ᠡᠮᠬᠢ ᠵᠢᠷᠤᠮ ᠲᠠᠢ ᠬᠥᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠠ ᠶᠢ ᠪᠦᠷᠢᠳᠭᠡᠵᠦ ᠲᠣᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷ ᠲᠤ ᠠᠷᠠᠯᠵᠢᠶᠠᠯᠠᠬᠤ ᠲᠦᠷᠢᠮ ᠢ ᠪᠦᠷᠢᠨᠰᠢᠭᠦᠯᠦᠨ᠎ᠡ᠃ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠪᠦᠬᠦ ᠪᠦᠮᠪᠦᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃       ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ       ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠡᠷᠬᠡᠪᠰᠢ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃       ᠪᠢᠳᠡ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ᠂ ᠤᠯᠤᠰ ᠲᠥᠷᠥ ᠶᠢᠨ ᠠᠮᠤᠷ ᠲᠦᠪᠰᠢᠨ ᠢᠶᠠᠷ ᠦᠨᠳᠦᠰᠦ ᠪᠣᠯᠭᠠᠬᠤ᠂ ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠬᠤ᠂ ᠴᠡᠷᠢᠭ ᠤᠨ ᠶᠠᠪᠤᠳᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠬᠤ᠂ ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ ᠶᠢ ᠪᠠᠷᠢᠮᠳᠠᠯᠠᠵᠦ᠂ ᠭᠠᠳᠠᠭᠠᠳᠤ ᠠᠮᠤᠷ ᠲᠦᠪᠰᠢᠨ ᠪᠠ ᠳᠣᠲᠣᠭᠠᠳᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠬᠦᠯᠬᠦ᠂ ᠨᠤᠲᠤᠭ ᠳᠡᠪᠢᠰᠭᠡᠷ ᠤᠨ ᠠᠮᠤᠷ ᠲᠦᠪᠰᠢᠨ ᠪᠠ ᠤᠯᠤᠰ ᠠᠷᠠᠳ ᠤᠨ ᠠᠮᠤᠷ ᠲᠦᠪᠰᠢᠨ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠂ ᠲᠤᠰ ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠬᠦᠯᠵᠦ᠂ ᠤᠯᠤᠰ ᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠦᠨ ᠬᠠᠮᠠᠭᠠᠯᠠᠬᠤ ᠪᠠ ᠪᠤᠢ ᠪᠣᠯᠭᠠᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ ᠪᠦᠮᠪᠦᠷᠴᠡᠭ ᠤᠨ ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠦ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠎ᠠ᠃       ︵ᠨᠢᠭᠡ︶ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ ᠡᠷᠬᠡ ᠰᠦᠷᠲᠦ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠤᠳᠤᠯᠭ᠎ᠠ ᠶᠢᠨ ᠰᠢᠰᠲ᠋ᠧᠮ᠂ ᠲᠥᠷᠥ ᠶᠢᠨ ᠪᠤᠳᠤᠯᠭ᠎ᠠ ᠶᠢᠨ ᠰᠢᠰᠲ᠋ᠧᠮ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠣᠯᠤᠨ ᠴᠢᠬᠤᠯᠠ ᠲᠤᠰᠬᠠᠢ ᠲᠦᠷᠦᠯ ᠤᠨ ᠵᠣᠬᠢᠴᠠᠭᠤᠯᠤᠨ ᠵᠢᠯᠤᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠮᠥᠩᠭᠦᠨ ᠭᠦᠢᠯᠭᠡᠭᠡᠨ᠂ ᠰᠦᠯᠵᠢᠶ᠎ᠡ ᠂ ᠲᠤᠭ᠎ᠠ ᠪᠠᠷᠢᠮᠲᠠ᠂ ᠠᠮᠢᠳᠤ ᠪᠣᠳᠠᠰ᠂ ᠡᠬᠢ ᠪᠠᠶᠠᠯᠢᠭ᠂ ᠴᠥᠮ᠎ᠡ᠂ ᠰᠠᠨᠰᠠᠷ᠂ ᠲᠠᠯᠠᠢ ᠲᠠᠩᠭᠢᠰ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠭᠠᠨ᠎ᠠ᠃ ᠵᠠᠯᠬᠠᠭᠠᠬᠤ ᠶᠢ ᠡᠰᠡᠷᠭᠦᠴᠡᠬᠦ᠂ ᠭᠠᠷ ᠳᠥᠷᠥᠬᠦ ᠶᠢ ᠡᠰᠡᠷᠭᠦᠴᠡᠬᠦ᠂ ︽ᠭᠠᠷ ᠢᠶᠠᠨ ᠤᠷᠳᠤ ᠰᠤᠩᠭᠠᠬᠰᠠᠨ ᠬᠠᠷᠢᠶᠠᠯᠠᠯ︾ ᠢ ᠡᠰᠡᠷᠭᠦᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠬᠦᠴᠦᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠬᠦ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃       ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ᠂ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠭᠠᠳᠠᠭᠠᠳᠤ ᠳᠠᠬᠢ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠰᠢᠰᠲ᠋ᠧᠮ ᠤᠨ ᠴᠢᠨᠠᠷᠲᠠᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠲᠠᠶᠢᠰᠦᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠯᠳᠠ ᠬᠢᠬᠦ᠂ ᠬᠠᠭᠠᠴᠠᠭᠤᠯᠬᠤ ᠠᠵᠢᠯᠯᠠᠭ᠎ᠠ ᠬᠢᠬᠦ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃       ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠤᠨ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠤᠨ ᠤᠷᠢᠳᠴᠢᠯᠠᠨ ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠠ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃       ︵ᠳᠥᠷᠪᠡ︶ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠨᠳᠦᠰᠦᠨ ᠱᠠᠲᠤᠨ ᠳᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ ᠲᠤᠤᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠬᠤ ᠱᠠᠲᠤᠨ ᠳᠤᠨᠢ ᠠᠷᠢᠯᠭᠠᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠭᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃       ᠠᠷᠪᠠᠨ ᠬᠤᠶᠠᠷ᠂ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠨᠡᠭᠡᠭᠡᠨ᠎ᠡ       ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭ᠎ᠠ ᠳᠤ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠮᠡᠴᠡᠯ ᠬᠢᠬᠦ ᠶᠢᠨ ᠳᠠᠭᠠᠤ ᠲᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ ᠵᠠᠩᠭᠢᠵᠢᠯᠲᠠ ᠣᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠤᠨᠤᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠭᠦᠢᠴᠡᠳᠬᠡᠬᠦ ᠬᠡᠷᠡᠭᠲᠡᠢ᠃       ᠠᠷᠠᠳ ᠤᠨ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠡᠪᠰᠡᠭ ᠥᠨᠢ ᠡᠭᠦᠷᠢᠳᠡ ᠨᠠᠮ ᠤᠨ ᠵᠢᠯᠣᠭᠤᠳᠤᠯᠭ᠎ᠠ ᠶᠢ ᠳᠠᠭᠠᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠪᠠᠶᠢᠭᠤᠯᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠴᠡᠷᠢᠭ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠲᠠᠶᠢᠴᠢᠨ ᠵᠣᠷᠢᠭ ᠰᠠᠨᠠᠭ᠎ᠠ ᠶᠢ ᠪᠤᠶᠢᠵᠢᠭᠤᠯᠬᠤ ᠶᠢ ᠴᠢᠩᠭᠠᠳᠬᠠᠨ᠎ᠠ᠃ ᠠᠷᠠᠳ ᠤᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃       ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ ᠴᠡᠷᠢᠭ ᠠᠩᠭᠢ ᠶᠢᠨ ᠢᠯᠠᠯᠲᠠ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠭᠰᠠᠨ ᠣᠶᠤᠨᠴᠢᠯᠠᠭᠰᠠᠨ ᠲᠠᠶᠢᠨ ᠤ ᠣᠨᠴᠠᠯᠢᠭ ᠪᠠ ᠵᠢᠮ᠎ᠡ ᠶᠣᠰᠣ ᠶᠢ ᠰᠤᠳᠤᠯᠤᠨ ᠡᠵᠡᠮᠰᠢᠵᠦ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ ᠳᠠᠶᠢᠨ ᠤ ᠪᠠᠶᠢᠯᠳᠤᠬᠤ ᠪᠣᠳᠣᠯᠭ᠎ᠠ ᠪᠠᠶᠢᠯᠳᠤᠬᠤ ᠠᠷᠭ᠎ᠠ ᠶᠢ ᠬᠥᠭᠵᠢᠭᠦᠯᠦᠨ᠎ᠡ ᠃ ᠪᠠᠶᠢᠯᠳᠤᠬᠤ ᠪᠣᠳᠣᠯᠭ᠎ᠠ ᠶᠢᠨ ᠬᠦᠴᠦᠷᠬᠡᠭ ᠶᠡᠭᠡ ᠰᠦᠷᠳᠡᠭᠦᠯᠭᠡ ᠶᠢᠨ ᠬᠦᠴᠦᠨ ᠤ ᠰᠢᠰᠲ᠋ᠧᠮ ᠢ ᠪᠤᠢ ᠪᠤᠯᠭᠠᠵᠦ᠂ ᠰᠢᠨ᠎ᠡ ᠬᠦᠷᠢᠶ᠎ᠡ ᠰᠢᠨ᠎ᠡ ᠣᠨᠴᠠᠯᠢᠭ ᠴᠢᠨᠠᠷ ᠤᠨ ᠪᠠᠶᠢᠯᠳᠤᠬᠤ ᠬᠦᠴᠦᠨ ᠤ ᠬᠠᠷᠢᠴᠠᠯ ᠢ ᠨᠡᠮᠡᠭᠳᠡᠭᠦᠯᠵᠦ᠂ ᠬᠥᠮᠥᠨ ᠦᠭᠡᠢ ᠣᠶᠤᠨᠴᠢ ᠪᠠᠶᠢᠯᠳᠤᠬᠤ ᠬᠦᠴᠦᠨ ᠤ ᠬᠥᠭᠵᠢᠯᠲᠡ ᠶᠢ ᠲᠦᠷᠭᠡᠳᠬᠡᠵᠦ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠬᠠᠮᠲᠤᠷᠠᠭᠰᠠᠨ ᠪᠠᠶᠢᠯᠳᠤᠭᠠᠨ ᠤ ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠲᠠᠩᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ᠂ ᠬᠠᠮᠲᠤᠷᠠᠨ ᠴᠣᠬᠢᠯᠲᠠ ᠥᠭᠭᠦ᠂ ᠪᠠᠶᠢᠯᠳᠤᠭᠠᠨ ᠤ ᠲᠠᠯᠠᠪᠤᠷ ᠤᠨ ᠲᠤᠯᠭᠠᠭᠤᠷᠢᠯᠠᠯ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠲᠤ ᠲᠠᠶᠢᠨ ᠤ ᠮᠠᠶ᠋ᠢᠭ ᠤᠨ ᠴᠡᠷᠢᠭ ᠤᠨ ᠪᠣᠯᠪᠠᠰᠤᠷᠠᠯ ᠢ ᠭᠦᠨᠵᠡᠭᠡᠢ ᠠᠬᠢᠭᠤᠯᠵᠤ᠂ ᠬᠠᠮᠲᠤᠷᠠᠭᠰᠠᠨ ᠪᠣᠯᠪᠠᠰᠤᠷᠠᠯ᠂ ᠡᠰᠡᠷᠭᠦᠴᠡᠯᠳᠦᠬᠦ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠡᠷᠢᠭ ᠤᠨ ᠪᠣᠯᠪᠠᠰᠤᠷᠠᠯ ᠢ ᠭᠦᠨᠵᠡᠭᠡᠶᠢᠷᠡᠭᠦᠯᠦᠨ᠎ᠡ᠃ ᠴᠡᠷᠢᠭ ᠤᠨ ᠬᠦᠴᠦᠨ ᠤ ᠪᠠᠶᠢᠩᠭᠤᠵᠢᠭᠤᠯᠤᠭᠰᠠᠨ ᠤᠯᠠᠨ ᠶᠠᠩᠵᠤᠴᠢᠯᠠᠭᠰᠠᠨ ᠬᠡᠷᠡᠭᠯᠡᠯᠲᠡ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ᠂ ᠠᠮᠤᠷ ᠲᠦᠪᠰᠢᠨ ᠪᠠᠶᠢᠳᠠᠯ ᠢ ᠪᠤᠢ ᠪᠤᠯᠭᠠᠵᠤ᠂ ᠲᠦᠭᠰᠢᠭᠦᠷᠢ ᠮᠥᠷᠭᠦᠯᠳᠦᠭᠡᠨ ᠢ ᠬᠤᠷᠢᠭᠯᠠᠨ ᠡᠵᠡᠮᠳᠡᠵᠦ᠂ ᠬᠡᠰᠡᠭ ᠲᠠᠯ᠎ᠠ ᠶᠢᠨ ᠲᠠᠶᠢᠨ ᠳᠤ ᠢᠯᠠᠯᠲᠠ ᠣᠯᠣᠨ᠎ᠠ᠃       ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ ᠬᠦᠴᠦᠨ ᠤ ᠪᠦᠲᠦᠴᠡ ᠪᠦᠷᠢᠯᠳᠦᠯ ᠢ ᠲᠡᠭᠦᠯᠳᠡᠷᠵᠢᠭᠦᠯᠵᠦ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ ᠲᠣᠭᠲᠠᠭᠠᠯ ᠢ ᠰᠢᠰᠲ᠋ᠧᠮᠵᠢᠭᠦᠯᠦᠨ ᠰᠢᠯᠢᠳᠡᠭᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠶᠢᠨ ᠪᠠᠶᠢᠯᠳᠤᠭᠠᠨ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠲᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠲᠦᠷᠭᠡᠨ ᠢᠶᠠᠷ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ ᠲᠣᠨᠣᠭᠯᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠠᠶᠢᠴᠢᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠴᠡᠷᠢᠭ ᠤᠨ ᠶᠠᠪᠤᠳᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠦᠨ᠎ᠡ᠃ ᠬᠠᠤᠯᠢ ᠪᠠᠷ ᠴᠡᠷᠢᠭ ᠢ ᠵᠠᠰᠠᠬᠤ ᠲᠣᠭᠲᠠᠴᠠ ᠶᠢᠨ ᠪᠠᠶᠢᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ ᠦᠢᠯᠡᠳᠦᠯ ᠴᠢᠳᠠᠪᠤᠷᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠴᠡᠷᠢᠭ ᠠᠩᠭᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠬᠦ᠂ ᠲᠦᠷᠦ ᠶᠢᠨ ᠪᠣᠳᠣᠯᠭ᠎ᠠ ᠳᠦᠷᠢᠮ ᠢ ᠵᠣᠯᠭᠠᠭᠤᠯᠬᠤ᠂ ᠡᠬᠢ ᠪᠠᠶᠠᠯᠢᠭ ᠤᠨ ᠡᠯᠧᠮᠧᠨ᠋ᠲ ᠢ ᠬᠠᠮᠲᠤ ᠪᠠᠷ ᠡᠳ᠋ᠯᠡᠭᠦ ᠶᠢ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠬᠥᠮᠥᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠤᠨ ᠤᠷᠮᠠᠰᠢᠭᠤᠯᠤᠯ ᠪᠠ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠦᠨ᠎ᠡ᠃       ᠠᠷᠠᠳ ᠤᠨ ᠴᠡᠷᠢᠭ ᠠᠩᠭᠢ ᠪᠣᠯ ᠢᠮᠠᠭᠲᠠ ᠨᠠᠮ ᠪᠠ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ ᠪᠠᠭᠠᠲᠤᠷᠯᠢᠭ ᠴᠡᠷᠢᠭ ᠠᠩᠭᠢ ᠮᠥᠨ᠂ ᠲᠡᠲᠡᠨ ᠳᠤ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ ᠬᠠᠩᠭᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ︕       ᠠᠷᠪᠠᠨ ᠭᠤᠷᠪᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠡ ᠤᠯᠤᠰ ᠤᠨ ᠨᠢᠭᠡᠳᠦᠯ ᠢ ᠠᠬᠢᠭᠤᠯᠤᠨ᠎ᠠ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ ᠤ ᠳᠠᠷᠠᠭ᠎ᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠬᠤ ᠬᠠᠮᠤᠭ ᠤᠨ ᠰᠠᠶᠢᠨ ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠡᠭᠦᠨ ᠢ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠬᠡᠷᠡᠭᠲᠡᠢ᠃       ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠨ᠎ᠠ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠳᠦᠷᠢᠮ ᠪᠠ ᠬᠡᠷᠡᠭᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠪᠠᠷᠢᠮᠲᠠᠯᠠᠬᠤ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢ ᠪᠠᠲᠤᠯᠠᠬᠤ ᠶᠢ ᠬᠠᠷᠢᠯᠴᠠᠨ ᠨᠢᠭᠡᠳᠬᠡᠵᠦ᠂ ᠵᠠᠰᠠᠭ ᠵᠠᠬᠢᠷᠭᠠᠨ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠵᠠᠰᠠᠭ ᠵᠠᠬᠢᠷᠭᠠᠨ ᠤ ᠳᠠᠷᠤᠭ᠎ᠠ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠤ᠂ ᠪᠦᠭᠦ ᠲᠠᠯ᠎ᠠ ᠪᠠᠷ ᠵᠠᠰᠠᠬᠤ ᠴᠢᠳᠠᠪᠤᠷᠢ ᠪᠠ ᠬᠠᠮᠢᠶᠠᠷᠤᠨ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠬᠠᠤᠯᠢ ᠴᠠᠭᠠᠵᠠ ᠶᠢᠨ ᠳᠦᠷᠢᠮ ᠪᠠ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩᠭᠠᠩ᠂ ᠣᠣᠮᠧᠨ ᠤ ᠬᠥᠷᠥᠩᠭᠡᠲᠦ ᠶᠣᠰᠣᠨ ᠤ ᠪᠠᠶᠢᠭᠤᠯᠤᠯ ᠪᠠ ᠠᠮᠢᠳᠤᠷᠠᠯ ᠤᠨ ᠠᠷᠭ᠎ᠠ ᠮᠠᠶ᠋ᠢᠭ ᠢ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠠᠬᠢᠭᠤᠯᠤᠨ᠎ᠠ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠲᠠᠮᠵᠢᠨ᠎ᠠ᠃       ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠵᠤ᠂ ᠰᠢᠶᠠᠩᠭᠠᠩ᠂ ᠣᠣᠮᠧᠨ ᠤ ᠤᠯᠠᠨ ᠤᠯᠤᠰ ᠤᠨ ᠮᠥᠩᠭᠦᠨ ᠭᠦᠢᠯᠭᠡᠭᠡᠨ᠂ ᠠᠷᠠᠯᠵᠢᠶ᠎ᠠ᠂ ᠤᠰᠤᠨ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ᠂ ᠰᠢᠨ᠎ᠡ ᠶᠢ ᠡᠭᠦᠳᠭᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠩᠭᠠᠩ᠂ ᠣᠣᠮᠧᠨ ᠤ ᠡᠯ᠎ᠡ ᠤᠯᠤᠰ ᠡᠯ᠎ᠡ ᠭᠠᠵᠠᠷ ᠣᠷᠣᠨ ᠯᠤᠭ᠎ᠠ ᠶᠢᠨ ᠨᠡᠩ ᠨᠡᠭᠡᠭᠡᠯᠲᠡᠲᠡᠢ᠂ ᠨᠡᠩ ᠨᠢᠭᠲᠠ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠠᠮᠵᠢᠨ᠎ᠠ᠃       ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠶᠠᠩᠭᠠᠩ ᠣᠣᠮᠧᠨ ᠤ ᠠᠬ᠎ᠠ ᠳᠡᠭᠦᠦ ᠨᠠᠷ ᠤᠨ ᠡᠬᠡ ᠣᠷᠣᠨᠴᠢ ᠵᠣᠷᠢᠭ ᠰᠠᠨᠠᠭ᠎ᠠ ᠶᠢ ᠴᠢᠩᠭᠠᠳᠬᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠳᠡᠮᠵᠢᠭᠦ ᠨᠡᠩ ᠥᠷᠭᠡᠨ ᠳᠡᠯᠭᠡᠷ ᠨᠢᠭᠡᠳᠦᠮᠡᠯ ᠹᠷᠣᠨᠲ ᠢ ᠪᠤᠢ ᠪᠣᠯᠭᠠᠨ᠎ᠠ᠃ ᠳᠤᠮᠳᠠᠳᠤ ᠤᠯᠤᠰ ᠢ ᠡᠰᠡᠷᠭᠦᠴᠡᠬᠦ ᠰᠢᠶᠠᠩᠭᠠᠩ ᠣᠣᠮᠧᠨ ᠢ ᠰᠠᠮᠠᠭᠤᠷᠠᠭᠤᠯᠬᠤ ᠬᠦᠴᠦᠨ ᠳᠤ ᠡᠷᠡᠰ ᠴᠣᠬᠢᠯᠲᠠ ᠥᠭᠴᠦ᠂ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠨ᠎ᠠ᠃       ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠨᠠᠮ ᠤᠨ ᠰᠢᠨᠲᠠᠷᠠᠰᠢ ᠦᠭᠡᠢ ᠴᠢᠷᠮᠠᠶᠢᠨ ᠲᠡᠮᠡᠴᠡᠬᠦ ᠲᠡᠦᠬᠡᠲᠦ ᠡᠭᠦᠷᠭᠡ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃       ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠨᠢᠭᠡᠳᠦᠯ ᠢ ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠭᠡᠯᠪᠡᠷᠢ ᠮᠥᠨ᠂ ᠡᠨᠡ ᠨᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠠ ᠳᠤᠮᠳᠠᠳᠤ ᠶᠢᠨ ᠦᠨᠳᠦᠰᠦᠲᠡᠨ ᠳᠤ ᠬᠠᠮᠤᠭ ᠠᠴᠠ ᠠᠰᠢᠭᠲᠠᠢ ᠶᠤᠮ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠨᠡ ᠬᠦ ᠰᠠᠭᠤᠷᠢᠨ ᠳᠡᠭᠡᠷ᠎ᠡ ᠪᠠᠨ ᠲᠠᠶᠢᠸᠠᠨ ᠤ ᠡᠯ᠎ᠡ ᠨᠠᠮ ᠪᠦᠯᠦᠭ᠂ ᠡᠯ᠎ᠡ ᠡᠲᠡᠭᠡᠳ ᠢᠯᠭᠠᠯ᠂ ᠡᠯ᠎ᠡ ᠳᠠᠪᠬᠤᠷᠭ᠎ᠠ ᠶᠢᠨ ᠬᠥᠮᠥᠰ ᠲᠠᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠪᠣᠯᠣᠨ ᠤᠯᠤᠰ ᠣᠷᠣᠨ ᠤ ᠨᠢᠭᠡᠳᠦᠯ ᠤᠨ ᠲᠤᠬᠠᠢ ᠥᠷᠭᠡᠨ ᠳᠡᠯᠭᠡᠷ ᠭᠦᠨ ᠭᠦᠨᠵᠡᠭᠡᠢ ᠵᠥᠪᠳᠡᠯᠴᠡᠭᠡ ᠬᠢᠬᠦ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠬᠠᠮᠲᠤ ᠪᠠᠷ ᠠᠬᠢᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠪᠢᠳᠡ ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠠᠷ ᠲᠠᠢ ᠪᠦᠯᠬᠦᠮᠳᠡᠬᠦ ᠶᠢ ᠪᠠᠷᠢᠮᠲᠠᠯᠠᠵᠤ᠂ ᠲᠠᠶᠢᠸᠠᠨ ᠠᠷᠠᠯ ᠤᠨ ᠳᠣᠲᠣᠷᠠᠬᠢ ᠡᠬᠡ ᠣᠷᠣᠨᠴᠢ ᠨᠢᠭᠡᠳᠦᠮᠡᠯ ᠬᠦᠴᠦᠨ ᠢ ᠡᠷᠡᠰ ᠲᠡᠮᠵᠢᠵᠤ᠂ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠎ᠠ᠃ ᠠᠭᠤᠤ ᠶᠡᠭᠡ ᠡᠬᠡ ᠤᠯᠤᠰ ᠪᠣᠯ ᠤᠯᠤᠰ ᠢᠶᠠᠨ ᠬᠠᠶᠢᠷᠠᠯᠠᠬᠤ ᠪᠤᠢ ᠪᠦᠬᠦᠢ ᠨᠢᠭᠡᠳᠦᠮᠡᠯ ᠬᠦᠴᠦᠨ ᠤ ᠥᠨᠢ ᠡᠭᠦᠷᠢᠳᠡ ᠶᠢᠨ ᠪᠠᠲᠤ ᠴᠢᠩᠭ᠎ᠠ ᠲᠦᠰᠢᠭ ᠮᠥᠨ︕       ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠤᠳᠤᠮ ᠤᠭᠰᠠᠭ᠎ᠠ ᠨᠢᠭᠡᠲᠡᠢ᠂ ᠴᠢᠰᠤ ᠮᠢᠬᠠᠨ ᠤ ᠪᠠᠷᠢᠯᠳᠤᠯᠭ᠎ᠠ ᠲᠠᠢ ᠨᠢᠭᠡ ᠭᠡᠷ ᠤᠨ ᠬᠥᠮᠥᠨ ᠮᠥᠨ᠃ ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠭᠦᠨᠳᠦᠳᠭᠡᠵᠦ᠂ ᠬᠠᠶᠢᠷᠠᠯᠠᠨ ᠬᠠᠯᠠᠮᠵᠢᠯᠠᠵᠤ᠂ ᠲᠠᠲᠠᠨ ᠳᠤ ᠠᠵᠠ ᠵᠢᠷᠭᠠᠯ ᠡᠳ᠋ᠯᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠᠷ ᠦᠷᠭᠦᠯᠵᠢᠯᠡᠨ ᠴᠢᠷᠮᠠᠶᠢᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠭᠦᠭᠵᠢᠭᠦ ᠶᠢ ᠭᠦᠨᠵᠡᠭᠡᠶᠢᠷᠡᠭᠦᠯᠵᠦ᠂ ᠲᠠᠶᠢᠸᠠᠨ ᠤ ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠤ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠠᠨᠠᠭ᠎ᠠ ᠲᠠᠭᠠᠷᠠᠵᠤ ᠰᠡᠳᠬᠢᠯ ᠨᠡᠶᠢᠯᠡᠭᠦ ᠶᠢ ᠠᠬᠢᠭᠤᠯᠤᠨ᠎ᠠ᠃       ᠲᠠᠶᠢᠸᠠᠨ ᠪᠣᠯ ᠳᠤᠮᠳᠠᠳᠤ ᠤᠯᠤᠰ ᠤᠨ ᠲᠠᠶᠢᠸᠠᠨ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤ ᠤᠯᠤᠰ ᠤᠨ ᠬᠥᠮᠥᠨ ᠤ ᠥᠪᠡᠷ ᠤᠨ ᠤᠴᠢᠷ ᠮᠥᠨ᠂ ᠡᠭᠦᠨ ᠢ ᠳᠤᠮᠳᠠᠳᠤ ᠤᠯᠤᠰ ᠤᠨ ᠬᠥᠮᠥᠨ ᠲᠣᠭᠲᠠᠭᠠᠬᠤ ᠬᠡᠷᠡᠭᠲᠡᠢ᠃ ᠪᠢᠳᠡ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠵᠡᠪᠰᠡᠭᠲᠦ ᠬᠦᠴᠦᠨ ᠬᠡᠷᠡᠭᠯᠡᠬᠦ ᠶᠢ ᠲᠠᠶᠠᠭᠳᠠᠨ᠎ᠠ ᠭᠡᠵᠦ ᠶᠠᠭᠠᠬᠢᠭᠰᠠᠨ ᠴᠤ ᠠᠮᠠᠯᠠᠬᠤ ᠦᠭᠡᠢ᠂ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠣᠩᠭᠤᠯᠲᠠ ᠪᠠᠨ ᠦᠯᠡᠳᠡᠭᠡᠨ᠎ᠡ᠂ ᠡᠨᠡ ᠨᠢ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ᠲᠦᠢᠯ ᠤᠨ ᠴᠥᠭᠡᠨ ᠲᠣᠭᠠᠨ ᠤ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠵᠢᠴᠢ ᠲᠡᠳᠡᠨ ᠤ ᠬᠠᠭᠠᠴᠠᠭᠤᠯᠬᠤ ᠠᠵᠢᠯᠯᠠᠭ᠎ᠠ ᠳᠤ ᠴᠢᠭᠯᠡᠭᠦᠯᠵᠦ ᠪᠠᠶᠢᠭ᠎ᠠ ᠶᠤᠮ᠂ ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠲᠤ ᠴᠢᠭᠯᠡᠭᠦᠯᠵᠦ ᠪᠠᠶᠢᠭ᠎ᠠ ᠶᠠᠪᠤᠳᠠᠯ ᠤᠬᠳᠤ ᠪᠢᠰᠢ᠃ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠬᠦᠷᠳᠦ ᠦᠷᠭᠦᠯᠵᠢᠯᠠᠨ ᠤᠷᠤᠭᠰᠢᠯᠠᠵᠤ ᠪᠠᠶᠢᠨ᠎ᠠ᠂ ᠡᠬᠡ ᠤᠯᠤᠰ ᠤᠨ ᠪᠦᠷᠢᠨ ᠨᠢᠭᠡᠳᠦᠯ ᠢ ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ ᠴᠢᠳᠠᠬᠤ ᠶᠤᠮ︕       ᠠᠷᠪᠠᠨ ᠳᠥᠷᠪᠡ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ       ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ ᠪᠠᠶᠢᠨ᠎ᠠ᠃ ᠨᠢᠭᠡ ᠲᠠᠯ᠎ᠠ ᠪᠠᠷ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ ᠪᠠᠶᠢᠵᠤ᠂ ᠬᠥᠮᠥᠰ ᠤᠨ ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠨᠢ ᠬᠥᠮᠥᠨ ᠲᠥᠷᠥᠯᠬᠢᠲᠡᠨ ᠤ ᠢᠷᠡᠭᠡᠳᠦᠢ ᠡᠴᠦᠰ ᠲᠡᠭᠡᠨ ᠭᠡᠭᠡᠨ ᠰᠠᠷᠠᠭᠤᠯ ᠪᠤᠯᠬᠤ ᠶᠢ ᠲᠣᠭᠲᠠᠭᠠᠪᠠ᠃       ᠨᠦᠭᠦᠭᠡ ᠲᠠᠯ᠎ᠠ ᠪᠠᠷ᠂ ᠬᠦᠴᠦᠷᠬᠡᠭ ᠲᠡᠭᠡᠨ ᠡᠷᠳᠦᠨ ᠪᠠᠭᠤᠷᠠᠢ ᠶᠢ ᠳᠠᠷᠤᠯᠠᠬᠤ᠂ ᠮᠡᠭᠡ ᠪᠠᠷ ᠮᠥᠯᠵᠢᠵᠦ ᠬᠦᠴᠦ ᠪᠠᠷ ᠪᠤᠯᠢᠶᠠᠬᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠵᠡᠷᠭᠡ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ ᠳᠠᠷᠤᠯᠠᠬᠤ ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠣᠯᠵᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠬᠦᠨᠳᠦᠷᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠳᠤ ᠲᠤᠯᠭᠠᠷᠠᠵᠤ ᠪᠠᠶᠢᠨ᠎ᠠ᠃ ᠳᠡᠯᠡᠬᠡᠢ ᠶᠢᠷᠲᠢᠨᠴᠦ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠤ ᠵᠣᠭᠰᠣᠯ᠎ᠠ᠂ ᠬᠠᠮᠢᠭᠠᠰᠢ ᠪᠠᠨ ᠶᠠᠪᠤᠬᠤ ᠨᠢ ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠲᠣᠭᠲᠠᠭᠠᠭᠳᠠᠨ᠎ᠠ᠃       ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃       ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠤᠴᠢᠷ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠶᠢ ᠦᠨᠳᠦᠰᠦᠯᠡᠨ ᠥᠪᠡᠷ ᠤᠨ ᠵᠣᠭᠰᠣᠯᠲᠠ ᠪᠠ ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ ᠤᠯᠤᠰ ᠤᠨ ᠬᠤᠭᠤᠷᠤᠨᠳᠤᠭᠢ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠳᠤᠮᠳᠠᠳᠤ ᠤᠯᠤᠰ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠤᠰ ᠶᠡᠭᠡ ᠪᠠᠭ᠎ᠠ᠂ ᠬᠦᠴᠦᠷᠬᠡᠭ ᠪᠠᠭᠤᠷᠠᠢ᠂ ᠪᠠᠶᠠᠨ ᠶᠠᠳᠠᠭᠤ ᠶᠢᠨ ᠢᠯᠭᠠᠯ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠦᠢᠲᠡᠨ ᠲᠠᠶᠢᠨ ᠤ ᠰᠡᠳᠬᠢᠬᠦᠢ ᠶᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠵᠦ᠂ ᠬᠤᠶᠠᠷᠳᠠᠮᠠᠯ ᠪᠠᠷᠢᠮᠵᠢᠶ᠎ᠠ ᠲᠣᠭᠲᠠᠭᠠᠬᠤ ᠶᠢ ᠡᠰᠡᠷᠭᠦᠴᠡᠨ᠎ᠡ᠃       ᠳᠤᠮᠳᠠᠳᠤ ᠤᠯᠤᠰ ᠬᠤᠷᠢᠭᠯᠠᠯᠲᠠ ᠶᠢᠨ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠠ ᠴᠦ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠤᠯᠬᠤ ᠦᠭᠡᠢ᠂ ᠡᠭᠦᠷᠢᠳᠡ ᠭᠠᠳᠠᠭᠰᠢ ᠲᠦᠷᠢᠭᠦ ᠦᠭᠡᠢ᠃       ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠤᠯᠤᠰ ᠤᠨ ᠬᠤᠭᠤᠷᠤᠨᠳᠤᠭᠢ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠡᠷᠬᠡ ᠲᠡᠭᠰᠢ ᠂ ᠨᠡᠭᠡᠭᠡᠯᠲᠡᠲᠡᠢ᠂ ᠬᠠᠮᠲᠤᠷᠠᠨ ᠠᠵᠢᠯᠯᠠᠬᠤ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠤᠯᠤᠰ ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠬᠦ ᠪᠠᠷ ᠬᠦᠴᠦᠯᠡᠨ ᠴᠢᠷᠮᠠᠶᠢᠨ᠎ᠠ᠃ ᠲᠣᠮᠣ ᠤᠯᠤᠰ ᠤᠨ ᠵᠣᠬᠢᠴᠠᠭᠤᠯᠭ᠎ᠠ ᠪᠠ ᠰᠠᠶᠢᠨ ᠦᠢᠯᠡᠳᠦᠯᠴᠡᠯ ᠢ ᠠᠬᠢᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠶᠡᠷᠦᠩᠬᠡᠢ ᠳᠡᠭᠡᠨ ᠲᠣᠭᠲᠠᠭᠤᠨ᠂ ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠠᠶᠢᠵᠠᠯᠠᠬᠤ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠢᠲᠡᠭᠡᠯᠴᠡᠭᠡ ᠪᠠ ᠠᠰᠢᠭ ᠲᠤᠰᠠ ᠶᠢᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ ᠵᠢᠷᠤᠮ ᠠᠰᠢᠭ ᠤᠨ ᠦᠵᠡᠯᠲᠡ ᠶᠢ ᠪᠠᠷᠢᠮᠲᠠᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠦᠷᠢᠮᠦᠰᠦᠨ ᠡᠷᠬᠡ ᠲᠡᠭᠰᠢ ᠪᠠᠶᠢᠬᠤ᠂ ᠬᠠᠷᠢᠯᠴᠠᠨ ᠬᠦᠨᠳᠦᠳᠬᠡᠬᠦ᠂ ᠳᠣᠲᠣᠭᠠᠳᠤ ᠬᠡᠷᠡᠭ ᠲᠤ ᠬᠠᠷᠢᠯᠴᠠᠨ ᠭᠠᠷ ᠦᠯᠦ ᠲᠦᠷᠦᠭᠦ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠤᠨ ᠲᠦᠷᠦ ᠶᠢᠨ ᠨᠠᠮ ᠪᠠ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠴᠡᠷᠢᠭ ᠠᠩᠭᠢ᠂ ᠣᠷᠣᠨ ᠨᠤᠲᠤᠭ ᠂ ᠠᠷᠠᠳ ᠤᠨ ᠬᠤᠭᠤᠷᠤᠨᠳᠤᠭᠢ ᠵᠡᠷᠭᠡ ᠡᠯ᠎ᠡ ᠲᠠᠯ᠎ᠠ ᠶᠢᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃       ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠦᠨ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠲᠣᠭᠢᠶᠠᠯ ᠲᠠᠰᠤᠷᠠᠯᠲᠠ ᠦᠭᠡᠢ ᠬᠠᠩᠭᠠᠵᠤ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ ᠳᠤᠮᠳᠠᠳᠤ ᠤᠯᠤᠰ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠲᠦᠭᠦᠮ ᠳᠥᠲᠡ ᠪᠤᠯᠬᠤ ᠶᠢ ᠠᠬᠢᠭᠤᠯᠵᠤ᠂ ᠬᠤᠶᠠᠷ ᠲᠠᠯᠠᠲᠤ᠂ ᠣᠷᠣᠨ ᠪᠦᠰᠡ ᠶᠢᠨ ᠪᠣᠯᠣᠨ ᠤᠯᠠᠨ ᠲᠠᠯᠠᠲᠤ ᠬᠠᠮᠲᠤᠷᠠᠯᠴᠠᠭ᠎ᠠ ᠶᠢ ᠠᠬᠢᠭᠤᠯᠤᠨ᠂ ᠤᠯᠠᠨ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠠᠬᠢᠭᠤᠯᠵᠤ᠂ ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ ᠢ ᠬᠠᠮᠲᠤ ᠪᠠᠷ ᠪᠤᠢ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠶᠢ ᠬᠠᠮᠲᠤ ᠪᠠᠷ ᠪᠤᠶᠢᠵᠢᠭᠤᠯᠵᠤ᠂ ᠬᠠᠮᠠᠭᠠᠯᠠᠬᠤ ᠦᠵᠡᠯ ᠢ ᠡᠰᠡᠷᠭᠦᠴᠡᠵᠦ᠂ ︽ᠬᠡᠷᠡᠮ ᠪᠣᠰᠬᠠᠵᠤ ᠪᠠᠬᠢᠯᠡᠯᠲᠡ ᠪᠠᠶᠢᠭᠤᠯᠬᠤ︾᠂ ︽ᠬᠠᠷᠢᠯᠴᠠᠭ᠎ᠠ ᠲᠠᠰᠤᠷᠠᠵᠤ ᠬᠡᠯᠬᠢᠶ᠎ᠡ ᠶᠢ ᠲᠠᠰᠤᠯᠬᠤ︾ ᠶᠢ ᠡᠰᠡᠷᠭᠦᠴᠡᠵᠦ᠂ ᠭᠠᠭᠴᠠ ᠲᠠᠯ᠎ᠠ ᠠᠴᠠ ᠵᠠᠯᠬᠠᠭᠠᠯ ᠦᠵᠡᠭᠦᠯᠭᠦ᠂ ᠲᠦᠢᠯ ᠤᠨ ᠶᠡᠭᠡ ᠳᠠᠷᠤᠯᠲᠠ ᠦᠵᠡᠭᠦᠯᠭᠦ ᠶᠢ ᠡᠰᠡᠷᠭᠦᠴᠡᠨ᠎ᠡ᠃       ᠳᠤᠮᠳᠠᠳᠤ ᠤᠯᠤᠰ ᠳᠤᠷᠠᠲᠠᠶ᠎ᠠ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤᠷᠠᠯᠴᠠᠭᠠᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠪᠠᠨ ᠲᠦᠷᠭᠡᠳᠬᠡᠬᠦ ᠶᠢ ᠡᠷᠡᠰ ᠳᠡᠮᠵᠢᠵᠦ ᠬᠠᠪᠰᠤᠷᠤᠨ᠎ᠠ᠃       ᠳᠤᠮᠳᠠᠳᠤ ᠤᠯᠤᠰ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠦᠨᠡᠨ ᠬᠦ ᠤᠯᠠᠨ ᠲᠠᠯᠠᠲᠤ ᠦᠵᠡᠯ ᠢ ᠪᠠᠷᠢᠮᠲᠠᠯᠠᠨ᠂ ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠶᠠᠮᠠᠷᠪᠠ ᠭᠡᠯᠪᠡᠷᠢ ᠶᠢᠨ ᠭᠠᠭᠴᠠ ᠲᠠᠯᠠᠲᠤ ᠦᠵᠡᠯ ᠢ ᠡᠰᠡᠷᠭᠦᠴᠡᠵᠦ᠂ ᠣᠨᠴᠠ ᠲᠣᠭᠲᠠᠭᠰᠠᠨ ᠤᠯᠤᠰ ᠲᠤ ᠴᠢᠭᠯᠡᠭᠦᠯᠦᠭᠰᠡᠨ ᠯᠡᠭᠧᠷ ᠤᠨ ᠮᠠᠶ᠋ᠢᠭ ᠤᠨ ᠪᠠ ᠪᠤᠰᠤᠳ ᠢ ᠭᠠᠳᠠᠭᠤᠷᠴᠢᠯᠠᠬᠤ ᠴᠢᠨᠠᠷᠲᠠᠢ ᠵᠢᠵᠢᠭ ᠪᠦᠯᠭᠦᠮ ᠪᠠᠶᠢᠭᠤᠯᠬᠤ ᠶᠢ ᠡᠰᠡᠷᠭᠦᠴᠡᠨ᠎ᠡ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠠᠯᠳᠠᠨ ᠲᠣᠭᠤᠰᠭ᠋᠎ᠠ ᠶᠢᠨ ᠤᠯᠤᠰ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠨ ᠪᠦᠭᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠭᠡᠯᠡᠭᠦ ᠡᠷᠬᠡ ᠶᠢ ᠴᠢᠩᠭᠠᠳᠬᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠠᠮᠤᠷ ᠲᠦᠪᠰᠢᠨ ᠤ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠤᠯᠴᠠᠬᠤ ᠪᠠᠨ ᠪᠠᠷᠢᠮᠲᠠᠯᠠᠵᠤ᠂ ᠤᠯᠠᠨ ᠤᠯᠤᠰ ᠤᠨ ᠠᠮᠤᠷ ᠲᠦᠪᠰᠢᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ᠃       ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠢᠷᠡᠭᠡᠳᠦᠢ ᠮᠥᠨ᠃ ᠲᠦᠮᠡᠨ ᠪᠣᠳᠠᠰ ᠵᠡᠷᠭᠡᠳᠡ ᠠᠮᠢᠯᠠᠨ ᠲᠥᠯᠵᠢᠪᠡᠴᠦ ᠬᠠᠷᠢᠯᠴᠠᠨ ᠬᠤᠬᠢᠷᠠᠭᠤᠯᠬᠤ ᠦᠭᠡᠢ᠂ ᠶᠣᠰᠣ ᠳᠦᠷᠢᠮ ᠵᠡᠷᠭᠡᠳᠡ ᠣᠷᠣᠰᠢᠪᠠᠴᠤ ᠬᠠᠷᠢᠯᠴᠠᠨ ᠬᠠᠷᠰᠢᠯᠳᠤᠬᠤ ᠦᠭᠡᠢ᠃ ᠭᠠᠭᠴᠠ ᠬᠦ ᠡᠯ᠎ᠡ ᠤᠯᠤᠰ ᠳᠡᠯᠡᠬᠡᠢ ᠳ᠋ᠠᠬᠢᠨ ᠤ ᠳᠠᠷᠳᠠᠩ ᠵᠠᠮ ᠢᠶᠠᠷ ᠵᠠᠮᠨᠠᠵᠤ᠂ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠪᠡᠯ᠂ ᠴᠡᠴᠡᠭᠯᠡᠯ ᠬᠥᠭᠵᠢᠯ ᠰᠠᠶ᠋ᠢ ᠥᠨᠢ ᠤᠳᠠᠭᠠᠨ ᠦᠷᠭᠦᠯᠵᠢᠯᠡᠵᠦ᠂ ᠠᠮᠤᠷ ᠲᠦᠪᠰᠢᠨ ᠰᠠᠶ᠋ᠢ ᠪᠠᠲᠤᠯᠠᠭ᠎ᠠ ᠲᠠᠢ ᠪᠣᠯᠵᠤ ᠴᠢᠳᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠤᠭᠰᠠᠨ ᠪᠥᠭᠡᠳ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ ᠴᠢᠷᠮᠠᠶᠢᠨ ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ ᠬᠢᠬᠦ ᠶᠢ ᠪᠠᠷᠢᠮᠲᠠᠯᠠᠵᠤ᠂ ᠥᠨᠢ ᠤᠳᠠᠭᠠᠨ ᠡᠩᠬᠡ ᠲᠠᠶᠢᠪᠤᠩ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ︔ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ︔ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ︔ ᠰᠣᠯᠢᠯᠴᠠᠭ᠎ᠠ ᠬᠢᠵᠦ ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ︔ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ᠃       ᠳᠡᠯᠡᠬᠡᠢ ᠶᠢᠨ ᠡᠯ᠎ᠡ ᠤᠯᠤᠰ ᠤᠨ ᠬᠢᠨ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠶᠢ ᠡᠷᠬᠢᠮᠯᠡᠭᠰᠡᠨ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠬᠤ ᠪᠠ ᠳᠣᠲᠣᠨᠣᠰᠤᠭ ᠪᠠᠶᠢᠬᠤ ᠶᠢ ᠠᠬᠢᠭᠤᠯᠵᠤ᠂ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠦᠷᠭᠦᠯᠳᠦᠭᠡᠨ ᠢ ᠳᠠᠪᠠᠵᠤ᠂ ᠪᠣᠯᠪᠠᠰᠤᠨ ᠤ ᠬᠠᠮᠲᠤ ᠪᠠᠷ ᠣᠷᠣᠰᠢᠬᠤ ᠪᠠᠷ ᠪᠣᠯᠪᠠᠰᠤᠨ ᠤ ᠳᠠᠪᠠᠮᠠᠭᠠᠶᠢᠯᠠᠯ ᠢ ᠳᠠᠪᠠᠵᠤ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠪᠢᠳᠡ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃      ᠪᠢᠳᠡ ᠥᠷᠢᠰᠦᠯᠳᠦᠭᠡᠨ ᠶᠡᠬᠡᠲᠡᠢ ᠴᠠᠭ ᠦᠶ᠎ᠡ ᠳᠤ ᠣᠷᠣᠰᠢᠵᠤ ᠪᠠᠶᠢᠨ᠎ᠠ᠂ ᠮᠥᠨ ᠴᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ ᠠᠷᠠᠳ ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠨ᠎ᠡ︕       ᠠᠷᠪᠠᠨ ᠲᠠᠪᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ       ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠃ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ᠂ ᠢᠮᠠᠭᠲᠠ ᠠᠷᠠᠳ ᠲᠦᠮᠡᠨ ᠤ ᠬᠦᠷᠢᠶᠡᠯᠡᠯ ᠢ ᠣᠯᠵᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠪᠠᠶᠢᠷᠢ ᠰᠠᠭᠤᠷᠢ ᠪᠠᠨ ᠪᠠᠬᠢᠵᠢᠭᠦᠯᠦᠶ᠎ᠡ ᠭᠡᠪᠡᠯ᠂ ᠡᠷᠬᠡᠪᠰᠢ ᠲᠣᠮᠣ ᠨᠠᠮ ᠳᠤ ᠯᠡ ᠪᠠᠶᠢᠳᠠᠭ ᠪᠡᠷᠬᠡ ᠰᠡᠳᠦᠪ ᠢ ᠰᠢᠢᠳᠪᠦᠷᠢᠯᠡᠬᠦ ᠰᠡᠷᠭᠡᠭ ᠲᠠᠨᠢᠯᠲᠠ ᠪᠠ ᠡᠷᠡᠰ ᠪᠠᠲᠤ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠲᠠᠮᠵᠢᠨ᠂ ᠪᠢᠳᠡ ᠨᠠᠮ ᠤᠨ ᠳᠣᠲᠣᠭᠠᠳᠤ ᠶᠢᠨ ᠮᠠᠰᠢ ᠤᠯᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ ᠲᠤᠯᠭᠠᠷᠠᠵᠤ ᠪᠠᠶᠢᠭ᠎ᠠ ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠯᠭᠠᠯᠲᠠ᠂ ᠭᠠᠳᠠᠭᠠᠳᠤ ᠣᠷᠴᠢᠨ ᠤ ᠰᠢᠯᠭᠠᠯᠲᠠ ᠤᠷᠳᠤ ᠬᠤᠭᠤᠴᠠᠭ᠎ᠠ ᠪᠠᠷ ᠣᠷᠣᠰᠢᠵᠤ᠂ ᠤᠶᠤᠨ ᠰᠠᠨᠠᠭ᠎ᠠ ᠬᠤᠶᠢᠷᠭᠤᠰᠢᠬᠤ ᠲᠦᠭᠰᠢᠭᠦᠷᠢ᠂ ᠴᠢᠳᠠᠪᠤᠷᠢ ᠮᠡᠬᠦᠰᠳᠡᠬᠦ ᠲᠦᠭᠰᠢᠭᠦᠷᠢ᠂ ᠤᠯᠠᠨ ᠲᠦᠮᠡᠨ ᠠᠴᠠ ᠬᠥᠨᠳᠡᠶᠢᠷᠡᠬᠦ ᠲᠦᠭᠰᠢᠭᠦᠷᠢ᠂ ᠨᠠᠵᠠᠭᠠᠶᠢᠷᠠᠨ ᠢᠯᠵᠠᠷᠠᠬᠤ ᠲᠦᠭᠰᠢᠭᠦᠷᠢ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠪᠦᠭᠦ ᠨᠠᠮ ᠢᠶᠠᠷ ᠢᠶᠠᠨ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠣᠭᠰᠣᠰᠢ ᠦᠭᠡᠢ ᠭᠡᠳᠡᠭ ᠢ ᠪᠠᠲᠤ ᠴᠡᠭᠡᠵᠢᠯᠡᠵᠦ᠂ ᠶᠠᠭᠠᠬᠢᠭᠰᠠᠨ ᠴᠤ ᠵᠣᠷᠢᠭ ᠮᠣᠬᠤᠬᠤ ᠦᠵᠡᠯ᠂ ᠬᠠᠯᠠᠰᠢᠷᠠᠬᠤ ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠬᠡᠷᠡᠭᠲᠡᠢ᠃       ᠪᠢᠳᠡ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠳᠠᠭ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠭᠠᠨ᠎ᠠ᠃       ︵ᠨᠢᠭᠡ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ ᠨᠠᠮ ᠤᠨ ᠤᠳᠤᠷᠢᠳᠤᠯᠭ᠎ᠠ ᠪᠣᠯ ᠪᠦᠭᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ ᠡᠷᠬᠡᠪᠰᠢ ᠪᠦᠭᠦ ᠲᠠᠯ᠎ᠠ ᠪᠠᠷ᠂ ᠰᠢᠰᠲ᠋ᠧᠮ ᠲᠠᠢ᠂ ᠪᠦᠬᠦᠯᠢ ᠴᠣᠭᠴᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠪᠦᠯᠬᠦᠮᠳᠡᠯ ᠨᠢᠭᠡᠳᠦᠯ ᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠣᠨ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠵᠤ᠂ ᠤᠳᠤᠷᠢᠳᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠭᠦ ᠪᠠ ᠰᠠᠶᠢᠵᠢᠷᠠᠭᠤᠯᠵᠤ᠂ ᠨᠠᠮ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠲᠠᠶᠢᠴᠢᠯᠠᠨ᠎ᠠ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ ᠴᠢᠨᠠᠷ᠂ ᠲᠠᠶᠢᠴᠢᠨ ᠴᠢᠨᠠᠷ ᠢ ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ ᠬᠡᠷᠡᠭᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨ᠎ᠡ᠃       ︵ᠬᠤᠶᠠᠷ︶ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠨᠠᠮ ᠤᠨ ᠰᠢᠨ᠎ᠡ ᠶᠢ ᠡᠭᠦᠳᠭᠦ ᠤᠨᠤᠯ ᠢᠶᠠᠷ ᠪᠦᠭᠦ ᠨᠠᠮ ᠢ ᠵᠡᠪᠰᠡᠭᠯᠡᠬᠦ ᠪᠣᠯ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢᠨ ᠦᠨᠳᠦᠰᠦᠨ ᠡᠭᠦᠷᠭᠡ ᠮᠥᠨ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠶᠢ ᠨᠢᠭᠡᠳᠬᠡᠬᠦ᠂ ᠵᠣᠷᠢᠭ ᠰᠠᠨᠠᠭ᠎ᠠ ᠶᠢ ᠨᠢᠭᠡᠳᠬᠡᠬᠦ᠂ ᠦᠢᠯᠡ ᠠᠵᠢᠯᠯᠠᠭ᠎ᠠ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠭᠦ ᠤᠨᠤᠯ ᠤᠨ ᠰᠤᠷᠤᠯᠴᠠᠯᠭ᠎ᠠ ᠬᠥᠮᠦᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠷᠺᠰ ᠤᠨ ᠦᠵᠡᠯ ᠤᠨ ᠰᠤᠷᠤᠯᠴᠠᠬᠤ ᠭᠡᠯᠪᠡᠷᠢ ᠶᠢᠨ ᠲᠦᠷᠦ ᠶᠢᠨ ᠨᠠᠮ ᠢ ᠪᠠᠶᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠪᠦᠭᠦ ᠨᠠᠮ ᠢᠶᠠᠷ ᠢᠶᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠡᠨᠡ ᠬᠦ ᠶᠡᠷᠦᠩᠬᠡᠢ ᠨᠡᠭᠡᠭᠡᠯᠭᠡ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠶᠢ ᠬᠥᠲᠥᠯᠥᠨ ᠵᠢᠯᠣᠭᠤᠳᠤᠨ᠎ᠠ᠃ ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠲᠡᠦᠬᠡ ᠶᠢ ᠰᠤᠷᠤᠯᠴᠠᠨ ᠶᠣᠰᠣ ᠶᠢ ᠣᠶᠢᠯᠠᠭᠠᠬᠤ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠨ ᠬᠦᠴᠦᠯᠡᠨ ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠦᠨ᠎ᠡ᠃ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ ᠪᠦᠭᠦ ᠨᠠᠮ ᠳᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠨ᠎ᠡ᠃       ︵ᠭᠤᠷᠪᠠ︶ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠳᠦᠷᠢᠮ ᠢᠶᠠᠷ ᠦᠨᠳᠦᠰᠦ ᠪᠤᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠪᠠᠷ ᠭᠤᠣᠯ ᠪᠤᠯᠭᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠡᠷᠬᠡ ᠰᠦᠷᠲᠦ ᠴᠢᠨᠠᠷ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠦᠨᠡᠨ ᠶᠣᠰᠣ ᠶᠢ ᠪᠠᠷᠢᠮᠲᠠᠯᠠᠬᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠠᠰᠠᠭᠤᠳᠠᠯ ᠢ ᠢᠯᠡᠷᠡᠭᠦᠯᠭᠦ᠂ ᠵᠥᠷᠢᠶ᠎ᠡ ᠪᠠᠨ ᠵᠠᠯᠠᠷᠠᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ ᠡᠷᠬᠡ ᠳᠤ ᠬᠢᠨᠠᠯᠲᠠ ᠲᠠᠯᠪᠢᠬᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ ᠪᠤᠯᠭᠠᠵᠤ᠂ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠤᠨ᠂ ᠡᠷᠬᠡ ᠶᠢ ᠢᠯᠡ ᠲᠣᠳᠣ ᠬᠡᠷᠡᠭᠵᠢᠭᠦᠯᠬᠦ ᠪᠣᠯᠭᠠᠨ᠎ᠠ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠨ᠎ᠡ᠃       ︵ᠳᠥᠷᠪᠡ︶ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠴᠢᠨᠠᠷ ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ ᠺᠠᠳ᠋ᠷ ᠤᠨ ᠡᠩᠨᠡᠭᠡ ᠪᠠᠶᠢᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠯ᠎ᠠ ᠲᠠᠯ᠎ᠠ ᠶᠢᠨ ᠡᠷᠳᠡᠮᠲᠡᠨ ᠴᠢᠳᠠᠪᠤᠷᠢᠲᠠᠨ ᠢ ᠰᠣᠩᠭᠤᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠥᠮᠥᠨ ᠰᠣᠩᠭᠤᠬᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠤᠯᠭᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠢ ᠰᠢᠯᠢᠨ ᠳᠡᠪᠰᠢᠭᠦᠯᠵᠦ᠂ ᠡᠯ᠎ᠡ ᠱᠠᠲᠤᠨ ᠤ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ ᠲᠣᠬᠢᠷᠠᠭᠤᠯᠤᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ ᠪᠠᠶᠢᠴᠠᠭᠠᠯᠲᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠤᠯᠤᠰ ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠲᠣᠪᠤᠶᠢᠯᠭᠠᠨ ᠰᠠᠶᠢᠲᠤᠷ ᠠᠳᠬᠤᠨ᠎ᠠ᠃ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠬᠤᠯᠠ ᠶᠡᠭᠡ ᠲᠡᠮᠡᠴᠡᠯ ᠤᠨ ᠳᠤᠮᠳᠠ ᠺᠠᠳ᠋ᠷ ᠢ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠡᠷᠳᠡᠮ ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠤᠭᠲᠤᠬᠤ᠂ ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠡᠩ ᠤᠨ ᠦᠶ᠎ᠡ ᠳᠤ ᠦᠵᠡᠵᠦ ᠭᠠᠷᠴᠤ ᠲᠡᠶᠢᠯᠭᠦ᠂ ᠵᠠᠩᠭᠢᠯᠠᠭ᠎ᠠ ᠶᠢᠨ ᠦᠶ᠎ᠡ ᠳᠤ ᠢᠲᠡᠭᠡᠮᠵᠢᠲᠡᠢ ᠪᠠᠶᠢᠬᠤ᠂ ᠠᠶᠤᠯ ᠲᠦᠭᠰᠢᠭᠦᠷᠢᠲᠡᠢ ᠦᠶ᠎ᠡ ᠳᠤ ᠠᠮᠢ ᠴᠦᠯᠡᠨ ᠲᠡᠮᠡᠴᠡᠬᠦ ᠪᠣᠯᠭᠠᠨ᠎ᠠ᠃ ᠺᠠᠳ᠋ᠷ ᠢ ᠬᠢᠨᠠᠨ ᠰᠢᠯᠭᠠᠵᠤ ᠦᠨᠡᠯᠡᠭᠦ ᠰᠢᠰᠲ᠋ᠧᠮ ᠢ ᠲᠡᠭᠦᠯᠳᠡᠷᠵᠢᠭᠦᠯᠵᠦ᠂ ᠺᠠᠳ᠋ᠷᠴᠤᠳ ᠢ ᠬᠥᠲᠥᠯᠥᠨ ᠵᠢᠯᠤᠭᠤᠳᠴᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠺᠠᠳ᠋ᠷ ᠢ ᠳᠡᠪᠰᠢᠭᠦᠯᠵᠦ ᠪᠠᠭᠤᠯᠭᠠᠵᠤ ᠪᠦᠷ ᠪᠤᠯᠬᠤ ᠶᠢ ᠠᠬᠢᠭᠤᠯᠵᠤ᠂ ᠴᠢᠳᠠᠪᠤᠷᠢ ᠲᠠᠢ ᠶᠢ ᠨᠢ ᠳᠡᠪᠰᠢᠭᠦᠯᠭᠦ᠂ ᠰᠢᠯᠢᠳᠡᠭ ᠢ ᠨᠢ ᠱᠠᠩᠨᠠᠬᠤ᠂ ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠣᠳᠣᠯᠭ᠎ᠠ ᠶᠢ ᠰᠠᠶᠢᠲᠤᠷ ᠠᠳᠬᠤᠵᠤ᠂ ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠵᠦ ᠰᠢᠯᠢᠨ ᠳᠡᠪᠰᠢᠭᠦᠯᠭᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠪᠡᠷᠬᠡ ᠬᠠᠲᠠᠭᠤᠵᠢᠯᠲᠠᠢ ᠭᠠᠵᠠᠷ ᠣᠷᠣᠨ ᠳᠤ ᠣᠴᠢᠵᠤ ᠳᠠᠪᠲᠠᠨ ᠪᠤᠯᠪᠠᠰᠤᠷᠠᠭᠤᠯᠬᠤ ᠶᠢ ᠵᠠᠯᠠᠭᠤ ᠺᠠᠳ᠋ᠷᠴᠤᠳ ᠢ ᠬᠥᠮᠥᠵᠢᠭᠦᠯᠬᠦ ᠴᠢᠬᠤᠯᠠ ᠠᠷᠭ᠎ᠠ ᠵᠠᠮ ᠪᠣᠯᠭᠠᠨ᠎ᠠ᠃ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠭᠦ ᠠᠵᠢᠯ ᠢ ᠴᠢᠬᠤᠯᠠᠴᠢᠯᠠᠵᠤ᠂ ᠡᠮᠡᠭᠲᠡᠢ ᠺᠠᠳ᠋ᠷ ᠤᠨ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠨᠠᠮ ᠤᠨ ᠭᠠᠳᠠᠨᠠᠬᠢ ᠺᠠᠳ᠋ᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ ᠰᠠᠶᠢᠲᠤᠷ ᠬᠢᠨ᠎ᠡ᠃ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠨ᠎ᠡ᠃ ᠠᠯᠪᠠᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠺᠠᠳ᠋ᠷᠴᠤᠳ ᠢ ᠪᠦᠭᠦ ᠲᠠᠯ᠎ᠠ ᠪᠠᠷ ᠬᠠᠮᠢᠶᠠᠷᠬᠤ ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠭᠤᠷᠪᠠ ᠶᠢ ᠰᠠᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠪᠠᠷ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠬᠠᠲᠠᠭᠤᠵᠢᠯᠲᠠᠢ ᠭᠠᠵᠠᠷ ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠨ᠎ᠠ᠃       ︵ᠲᠠᠪᠤ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨ᠎ᠠ᠃ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯ ᠨᠠᠮ ᠤᠨ ᠳᠠᠪᠠᠭᠤᠯᠢᠭ ᠪᠠ ᠬᠦᠴᠦᠨ ᠴᠢᠳᠠᠯ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠳᠦᠷᠢᠮ ᠳᠤ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠰᠠᠶᠢᠲᠤᠷ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠶᠢᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠴᠣᠭᠴᠠᠯᠠᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠤ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠠᠬᠢᠭᠤᠯᠵᠤ᠂ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ ᠂ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠨ᠎ᠠ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠯᠠᠭᠤᠴᠤᠳ ᠪᠠ ᠠᠵᠤ ᠦᠢᠯᠡᠰ ᠤᠨ ᠠᠵᠢᠯᠴᠢᠨ᠂ ᠲᠠᠷᠢᠶᠠᠴᠢᠨ ᠂ ᠰᠡᠬᠡᠭᠡᠲᠡᠨ ᠤ ᠳᠣᠲᠣᠷ᠎ᠠ ᠠᠴᠠ ᠨᠠᠮ ᠤᠨ ᠭᠡᠰᠢᠭᠦᠨ ᠡᠯᠰᠡᠭᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠢᠯᠠᠩᠭᠤᠶ᠎ᠠ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ ᠳᠣᠲᠣᠭᠠᠳᠤ ᠶᠢᠨ ᠠᠷᠠᠳᠴᠢᠯᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠡᠷᠬᠡ ᠶᠢ ᠪᠠᠲᠤᠯᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠬᠢᠷᠢ ᠲᠡᠩᠴᠡᠭᠦ ᠦᠭᠡᠢ ᠨᠠᠮ ᠤᠨ ᠭᠡᠰᠢᠭᠦᠨ ᠢ ᠲᠥᠪ ᠴᠢᠩᠭ᠎ᠠ ᠲᠣᠬᠢᠲᠠᠢ ᠰᠢᠢᠳᠪᠦᠷᠢᠯᠡᠵᠦ᠂ ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠨ᠎ᠠ᠃       ︵ᠵᠢᠷᠭᠤᠭ᠎ᠠ︶ ᠲᠥᠪ ᠴᠢᠩᠭ᠎ᠠ ᠦᠨᠳᠦᠰᠦᠨ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠨ᠎ᠠ᠃ ᠨᠠᠮ ᠤᠨ ᠰᠤᠷᠲᠠᠯ ᠤᠨ ᠠᠰᠠᠭᠤᠳᠠᠯ ᠪᠣᠯ ᠲᠦᠷᠦ ᠪᠠᠷᠢᠭᠴᠢ ᠨᠠᠮ ᠤᠨ ᠮᠠᠨᠳᠤᠵᠤ ᠮᠥᠭᠦᠭᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ ᠲᠦᠷᠦᠭᠦᠯᠡᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠪᠣᠳᠠᠲᠠᠢ ᠠᠵᠢᠯᠯᠠᠬᠤ᠂ ᠪᠣᠳᠠᠲᠠᠢ ᠠᠷᠭ᠎ᠠ ᠰᠦᠪᠡᠭᠴᠢᠯᠡᠬᠦ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠨ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ ᠠᠵᠢᠯᠯᠠᠭ᠎ᠠ ᠶᠢ ᠡᠷᠡᠰ ᠠᠷᠢᠯᠭᠠᠨ᠎ᠠ᠃ ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠱᠠᠲᠤᠴᠢ ᠴᠢᠨᠠᠷᠲᠠᠢ ᠣᠨᠴᠠᠯᠢᠭ ᠢ ᠡᠵᠡᠮᠳᠡᠵᠦ᠂ ᠨᠡᠶᠢᠳᠡᠮ ᠡᠭᠦᠰᠭᠦ᠂ ᠲᠠᠭᠢᠨ ᠳᠠᠪᠲᠠᠨ ᠢᠯᠡᠷᠡᠭᠦ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠳᠤᠷᠢᠳᠬᠤ ᠺᠠᠳ᠋ᠷᠴᠤᠳ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠤᠨ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ᠂ ᠬᠠᠷᠢᠶᠠᠨ ᠳᠣᠲᠣᠷᠠᠬᠢ ᠪᠠᠨ ᠴᠢᠩᠭ᠎ᠠ ᠬᠠᠮᠢᠶᠠᠷᠬᠤ ᠶᠢ ᠱᠠᠯᠠᠪᠳᠠᠭᠤᠯᠵᠤ᠂ ᠨᠠᠮ ᠤᠨ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠶᠢ ᠪᠠᠬᠢᠵᠢᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠦᠨ᠂ ᠢᠯᠵᠠᠷᠠᠯ ᠢ ᠡᠰᠡᠷᠭᠦᠴᠡᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠶᠠᠨ ᠡᠷᠬᠢᠮ ᠳᠤ ᠰᠢᠨᠤᠬᠠᠶᠢᠷᠠᠬᠤ ᠦᠭᠡᠢ᠂ ᠶᠠᠳᠠᠭᠤ ᠳᠣᠣᠷᠠᠳᠤ ᠳᠠᠭᠠᠨ ᠵᠣᠷᠢᠭ ᠮᠣᠬᠤᠬᠤ ᠦᠭᠡᠢ᠂ ᠡᠷᠬᠡ ᠰᠦᠷ ᠲᠤ ᠡᠪᠦᠳᠦᠭ ᠨᠤᠭᠤᠷᠠᠬᠤ ᠦᠭᠡᠢ ᠲᠥᠪ ᠰᠤᠷᠲᠠᠯ ᠢ ᠪᠤᠢ ᠪᠣᠯᠭᠠᠨ᠎ᠠ᠃       ︵ᠲᠤᠯᠤᠭ᠎ᠠ︶ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠳᠤ ᠵᠠᠪᠠᠯ ᠢᠯᠠᠯᠲᠠ ᠣᠯᠣᠨ᠎ᠠ᠃ ᠢᠯᠵᠠᠷᠠᠯ ᠪᠣᠯ ᠨᠠᠮ ᠤᠨ ᠠᠮᠢᠵᠢᠷᠠᠯ ᠤᠨ ᠬᠦᠴᠦᠨ ᠪᠣᠯᠣᠨ ᠲᠠᠶᠢᠴᠢᠨ ᠬᠦᠴᠦᠨ ᠳᠤ ᠬᠤᠣᠷ ᠬᠥᠨᠥᠭᠡᠯ ᠤᠴᠠᠷᠠᠭᠤᠯᠬᠤ ᠬᠠᠮᠤᠭ ᠤᠨ ᠶᠡᠭᠡ ᠬᠤᠣᠷᠲᠤ ᠬᠠᠪᠤᠳᠠᠷ ᠮᠥᠨ᠂ ᠢᠯᠵᠠᠷᠠᠯ ᠢ ᠡᠰᠡᠷᠭᠦᠴᠡᠬᠦ ᠪᠣᠯ ᠥᠪᠡᠷ ᠤᠨ ᠪᠡᠶ᠎ᠡ ᠳᠡᠭᠡᠨ ᠬᠢᠬᠦ ᠬᠠᠮᠤᠭ ᠤᠨ ᠲᠦᠢᠯᠪᠤᠷᠢᠲᠠᠢ ᠬᠤᠪᠢᠰᠬᠠᠯ ᠮᠥᠨ᠃ ᠢᠯᠵᠠᠷᠠᠯ ᠤᠨ ᠠᠰᠠᠭᠤᠳᠠᠯ ᠡᠭᠦᠰᠭᠦ ᠬᠥᠷᠥᠰᠥ ᠪᠠ ᠨᠥᠬᠦᠴᠡᠯ ᠣᠷᠣᠰᠢᠵᠤ ᠯᠡ ᠪᠠᠶᠢᠪᠠᠯ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ ᠮᠥᠴᠡ ᠴᠦ ᠵᠣᠭᠰᠤᠭᠠᠬᠤ ᠦᠭᠡᠢ᠂ ᠳᠠᠭᠠᠷᠢᠯᠲᠠ ᠶᠢᠨ ᠪᠦᠷᠢᠶ᠎ᠡ ᠶᠢ ᠢᠮᠠᠭᠲᠠ ᠬᠠᠩᠭᠢᠨᠠᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠬᠦ ᠬᠡᠷᠡᠭᠲᠡᠢ᠃ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ ᠮᠠᠭᠤᠬᠠᠢ ᠶᠢ ᠵᠠᠯᠬᠠᠭᠠᠵᠤ᠂ ᠨᠡᠮᠡᠭᠳᠡᠯ ᠢ ᠨᠡᠩ ᠬᠦᠴᠦᠲᠡᠢ ᠬᠤᠷᠢᠭᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠨᠡᠩ ᠪᠦᠲᠦᠮᠵᠢᠲᠡᠢ ᠪᠠᠷ ᠠᠷᠢᠯᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ ᠠᠰᠢᠭ ᠲᠤᠰᠠ ᠶᠢᠨ ᠪᠦᠯᠦᠭᠯᠡᠯ ᠪᠠ ᠡᠷᠬᠡ ᠰᠦᠷᠲᠦ ᠪᠦᠯᠭᠦᠮ ᠤᠨ ᠣᠷᠣᠯᠠᠨ ᠥᠭᠦᠯᠡᠭᠴᠢ᠂ ᠣᠷᠣᠯᠠᠭᠴᠢ ᠪᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠰᠦᠯᠪᠡᠭᠡᠯᠳᠤᠨ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠭᠰᠡᠨ ᠠᠰᠠᠭᠤᠳᠠᠯ ᠢ ᠡᠷᠡᠰ ᠵᠠᠰᠠᠨ᠎ᠠ᠂ ᠤᠬᠳᠤ ᠢᠯᠳᠠᠷ ᠬᠠᠶᠠᠬᠤ ᠦᠭᠡᠢ᠃ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ︾ ᠶᠢ ᠡᠷᠡᠰ ᠵᠠᠯᠬᠠᠭᠠᠨ ᠰᠢᠢᠳᠬᠡᠵᠦ᠂ ᠤᠳᠤᠷᠢᠳᠬᠤ ᠺᠠᠳ᠋ᠷᠴᠤᠳ ᠤᠨ ᠬᠠᠨᠢ ᠨᠥᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠥᠬᠦᠷ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠨ ᠤ ᠨᠥᠯᠥᠭᠡᠯᠡᠬᠦ ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠵᠤ ᠢᠯᠵᠠᠷᠠᠨ ᠳᠣᠷᠦ᠋ᠢᠲᠠᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠭᠢᠭᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ ᠰᠢᠢᠳᠬᠡᠨ᠎ᠡ᠃ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠭᠤᠳᠠᠯ ᠶᠠᠯᠠᠳᠠᠨ ᠢ ᠨᠡᠬᠡᠮᠵᠢᠯᠡᠬᠦ ᠤᠷᠭᠤᠨ ᠳᠤᠲᠠᠭᠠᠬᠤ ᠶᠢ ᠰᠡᠷᠭᠡᠶᠢᠯᠡᠬᠦ ᠱᠠᠮᠰᠢᠭᠰᠠᠨ ᠡᠳ᠋ ᠢ ᠨᠡᠬᠡᠮᠵᠢᠯᠡᠬᠦ ᠲᠣᠭᠲᠠᠴᠠ ᠶᠢ ᠨᠢᠭᠡ ᠴᠣᠭᠴᠠᠵᠢᠭᠤᠯᠤᠨ ᠪᠠᠶᠢᠭᠤᠯᠤᠨ᠎ᠠ᠃ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠤᠬᠠᠮᠰᠠᠷ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠳᠠᠷᠤᠭ᠎ᠠ ᠰᠠᠭᠤᠵᠤ᠂ ᠴᠡᠪᠡᠷ ᠴᠢᠬᠡᠴᠢ ᠪᠠᠷ ᠠᠵᠢᠯ ᠬᠢᠬᠦ ᠶᠢ ᠬᠥᠲᠥᠯᠥᠨ ᠵᠢᠯᠤᠭᠤᠳᠴᠤ᠂ ᠴᠢᠩᠭ᠎ᠠ ᠵᠠᠯᠬᠠᠭᠠᠨ ᠰᠢᠢᠳᠬᠡᠬᠦ᠂ ᠡᠷᠬᠡ ᠶᠢ ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠨᠢᠭᠲᠠ ᠤᠶᠠᠯᠳᠤᠭᠤᠯᠵᠤ᠂ ᠵᠣᠬᠢᠴᠠᠭᠤᠯᠤᠨ ᠬᠤᠯᠪᠣᠯᠳᠤᠭᠤᠯᠵᠤ᠂ ᠨᠡᠩ ᠤᠯᠠᠨ ᠳᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠣᠯᠬᠤ ᠬᠡᠷᠡᠭᠲᠡᠢ᠃       ᠨᠥᠬᠦᠳ ᠠ᠋︕ ᠴᠠᠭ ᠦᠶ᠎ᠡ ᠪᠢᠳᠠᠨ ᠢ ᠤᠷᠢᠶᠠᠯᠠᠵᠤ ᠪᠠᠶᠢᠨ᠎ᠠ᠂ ᠠᠷᠠᠳ ᠲᠦᠮᠡᠨ ᠪᠢᠳᠡᠨ ᠳᠤ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠴᠥᠬᠦᠷᠡᠰᠢ ᠦᠭᠡᠢ ᠵᠣᠷᠢᠭ ᠢᠶᠠᠷ ᠰᠢᠨᠲᠠᠷᠠᠰᠢ ᠦᠭᠡᠢ ᠰᠢᠳᠤᠷᠭᠤ ᠠᠵᠢᠯᠯᠠᠪᠠᠯ ᠰᠠᠶ᠋ᠢ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠢᠮᠠᠭᠲᠠ ᠬᠠᠳᠠᠭᠠᠯᠠᠵᠤ᠂ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ ᠭᠡᠳᠡᠭ ᠢ ᠪᠦᠭᠦ ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠡᠨᠡ ᠪᠣᠯ ᠪᠢᠳᠡᠨ ᠤ ᠤᠷᠳᠤ ᠬᠤᠭᠤᠴᠠᠭᠠᠨ ᠤ ᠦᠢᠯᠡᠳᠦᠯᠭᠡ ᠶᠢᠨ ᠳᠤᠮᠳᠠ ᠣᠯᠣᠭᠰᠠᠨ ᠲᠦᠢᠯ ᠤᠨ ᠴᠢᠬᠤᠯᠠ ᠵᠢᠮ᠎ᠡ ᠶᠣᠰᠣᠴᠢ ᠴᠢᠨᠠᠷᠲᠠᠢ ᠲᠠᠨᠢᠯᠲᠠ ᠮᠥᠨ᠂ ᠡᠷᠬᠡᠪᠰᠢ ᠬᠤᠪᠢ ᠲᠠᠭᠢᠨ ᠨᠠᠨᠳᠢᠩᠨᠠᠨ᠂ ᠢᠮᠠᠭᠲᠠ ᠪᠠᠷᠢᠮᠲᠠᠯᠠᠵᠤ᠂ ᠵᠣᠷᠢᠭᠰᠠᠨ ᠳᠠᠭᠠᠨ ᠵᠠᠪᠠᠯ ᠬᠦᠷᠬᠦ ᠪᠠᠷ ᠰᠢᠨᠲᠠᠷᠠᠰᠢ ᠦᠭᠡᠢ ᠲᠡᠮᠡᠴᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠪᠤᠷᠭᠤ ᠣᠩᠭᠤᠴᠠ ᠶᠢᠨ ᠰᠠᠯᠬᠢ ᠳᠠᠪᠠᠯᠭᠠᠨ ᠢ ᠰᠥᠷᠦᠨ᠂ ᠠᠯᠤᠰ ᠢ ᠵᠣᠷᠢᠨ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠠ ᠪᠠᠲᠤᠯᠠᠬᠤ ᠬᠡᠷᠡᠭᠲᠡᠢ᠃       ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠭᠦ ᠨᠠᠮ ᠢᠶᠠᠷ ᠢᠶᠠᠨ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠤ ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠨ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠬᠠᠮᠤᠭ ᠤᠨ ᠰᠠᠶᠢᠬᠠᠨ ᠴᠠᠭ ᠦᠶ᠎ᠡ ᠳᠤ ᠲᠣᠬᠢᠶᠠᠵᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠪᠦᠭᠦ ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ ᠵᠡᠪᠰᠡᠭᠯᠡᠵᠦ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠤᠨ ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ ᠵᠠᠯᠠᠭᠤᠴᠤᠳ ᠤᠨ ᠵᠠᠮᠴᠢᠯᠠᠭᠴᠢ ᠪᠤᠯᠬᠤ ᠬᠡᠷᠡᠭᠲᠡᠢ᠃ ᠥᠷᠭᠡᠨ ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠬᠦᠰᠡᠯ ᠵᠡᠭᠦᠳᠦ ᠲᠠᠢ ᠮᠥᠷᠲᠡᠭᠡᠨ ᠯᠠᠪᠳᠠᠭᠤᠨ ᠪᠠᠲᠤᠲᠠᠢ ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭᠠᠢ ᠬᠢᠵᠦ ᠴᠢᠳᠠᠮᠠᠭᠠᠢ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠳᠡᠭ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠡᠷᠴᠢ ᠵᠣᠷᠢᠭ ᠢᠶᠠᠨ ᠬᠥᠪᠴᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠭᠠᠯ ᠬᠠᠯᠠᠭᠤᠨ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃       ᠨᠥᠬᠦᠳ ᠠ᠋︕ ᠨᠠᠮ ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ ᠦᠢᠯᠡᠰ ᠢ ᠪᠦᠲᠦᠭᠡᠭᠰᠡᠨ ᠢᠶᠠᠷ ᠪᠠᠷᠠᠬᠤ ᠦᠭᠡᠢ᠂ ᠪᠠᠰᠠ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠭᠤᠤ ᠦᠢᠯᠡᠰ ᠢ ᠡᠭᠦᠳᠭᠦ ᠨᠢ ᠯᠠᠪᠲᠠᠢ᠃ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠭᠤᠰᠤᠨ ᠶᠠᠷᠢᠶ᠎ᠠ ᠤᠯᠤᠰ ᠢ ᠰᠠᠭᠠᠲᠠᠭᠠᠵᠤ᠂ ᠪᠣᠳᠠᠲᠠᠢ ᠠᠵᠢᠯᠯᠠᠪᠠᠯ ᠤᠯᠤᠰ ᠢᠶᠠᠨ ᠮᠠᠨᠳᠤᠭᠤᠯᠤᠨ᠎ᠠ ᠭᠡᠳᠡᠭ ᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ