ᠬᠤᠷᠢᠨᠭᠡᠷ ᠰᠢᠶᠠᠨ ᠤ ᠬᠢᠨ ᠵᠢᠯ ᠳᠤ ᠬᠤᠶᠠᠷ ᠤᠳᠠᠭ᠎ᠠ ᠬᠤᠷᠢᠶᠠᠬᠤ ᠳᠠᠬᠢᠨ ᠳᠠᠷᠢᠬᠤ ᠵᠠᠭᠪᠤᠷ—— ᠤᠷᠢᠳᠠᠪᠠᠷ ᠲᠠᠷᠪᠤᠰ ᠳᠠᠷᠠᠭ᠎ᠠ ᠨᠢ ᠨᠣᠭᠤᠭ᠎ᠠ ᠳᠠᠷᠢᠬᠤ ᠠᠷᠭ᠎ᠠ ᠶᠢ ᠬᠠᠶᠢᠨ ᠰᠦᠪᠡᠭᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2022/11/10
      ᠡᠪᠦᠯ ᠤᠨ ᠠᠭᠤᠷ ᠣᠷᠣᠭᠰᠠᠨ ᠬᠢᠵᠢᠭ ᠤᠨ ᠪᠠᠶᠢᠳᠠᠯ ᠳᠣᠣᠷ᠎ᠠ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠢ ᠬᠤᠷᠢᠭᠯᠠᠵᠤ ᠳᠡᠶᠢᠯᠬᠦ ᠦᠭᠡᠢ ᠪᠣᠯᠵᠠᠢ᠂ 11 ᠰᠠᠷ᠎ᠠ ᠶᠢᠨ 7  ᠤ ᠡᠳᠦᠷ᠂ ᠬᠤᠷᠢᠨᠭᠡᠷ ᠰᠢᠶᠠᠨ ᠤ ᠱᠠᠪᠠᠭ᠋ᠠᠢ ᠵᠠᠰᠠᠭ ᠵᠠᠬᠢᠷᠭᠠᠨ ᠤ ᠲᠣᠰᠬᠤᠨ ᠤ ᠪᠠᠷᠠᠭᠤᠨ ᠰᠢᠪᠠᠷᠲᠠᠢ ᠲᠣᠰᠬᠤᠨ ᠤ ᠵᠢᠩ ᠾᠧ ᠬᠤᠷᠰᠢᠶᠠᠨ ᠤ ᠴᠠᠭᠠᠨ ᠨᠣᠭᠤᠭ᠎ᠠ ᠲᠠᠷᠢᠬᠤ ᠭᠠᠵᠠᠷ ᠲᠤ᠂ ᠵᠢᠩ ᠾᠧ ᠬᠤᠷᠰᠢᠶᠠᠨ ᠤ ᠭᠡᠰᠢᠭᠦᠳ ᠶᠠᠭ ᠣᠭᠲᠣᠯᠬᠤ᠂ ᠨᠠᠷᠢᠯᠢᠭ ᠲᠡᠭᠦᠬᠦ᠂ ᠲᠦᠷᠦᠯ ᠬᠤᠪᠢᠶᠠᠬᠤ᠂ ᠤᠭᠤᠲᠠᠨ ᠳᠤ ᠰᠠᠪᠠᠯᠠᠬᠤ᠂ ᠲᠡᠷᠭᠡᠨ ᠳᠤ ᠠᠴᠢᠶᠠᠯᠠᠬᠤ᠂  ᠬᠦᠨᠳᠦ ᠶᠢ ᠬᠡᠮᠵᠢᠬᠦ ᠵᠡᠷᠭᠡ ᠠᠯᠢ ᠤᠯᠠᠨ ᠠᠵᠢᠯ ᠤᠨ ᠲᠡᠰ ᠳᠠᠷᠠᠭᠠᠯᠠᠯ ᠢ ᠶᠠᠪᠤᠭᠳᠠᠭᠤᠯᠵᠤ᠂ ᠲᠠᠷᠢᠶᠠᠨ ᠳᠤ ᠲᠠᠷᠢᠬᠤ ᠡᠷᠦᠬᠡ ᠶᠠᠭᠠᠷᠠᠭᠰᠠᠨ ᠢᠶᠠᠷ ᠪᠠᠷᠠᠬᠤ ᠦᠭᠡᠢ᠂ ᠬᠤᠳᠠᠯᠳᠤᠭᠠᠴᠢᠨ ᠴᠤ ᠴᠠᠭ ᠢ ᠠᠮᠵᠢᠨ ᠲᠡᠷᠭᠡᠨ ᠳᠤ ᠲᠡᠭᠡᠭᠡᠵᠦ᠂ ᠵᠥᠭᠡᠭᠡᠪᠦᠷᠢᠯᠡᠵᠦ ᠪᠠᠶᠢᠯ᠎ᠠ᠃ ᠨᠣᠪ ᠨᠣᠭᠤᠭᠠᠨ᠂ ᠤᠷᠭᠤᠴᠠ ᠰᠠᠶᠢᠨ ᠴᠠᠭᠠᠨ ᠨᠣᠭᠤᠭ᠎ᠠ ᠬᠥᠮᠥᠨ ᠢ ᠪᠠᠶᠠᠰᠬᠠᠵᠤ᠂ ᠬᠥᠪᠡᠭᠡ ᠬᠢᠵᠠᠭᠠᠷ ᠨᠢ ᠬᠠᠷᠠᠭᠳᠠᠬᠤ ᠦᠭᠡᠢ ᠴᠠᠭᠠᠨ ᠨᠣᠭᠤᠭ᠎ᠠ ᠶᠢᠨ ᠲᠠᠷᠢᠶᠠᠨ ᠳᠤ ᠡᠯᠪᠡᠭ ᠬᠤᠷᠢᠶᠠᠯᠲᠠ ᠶᠢᠨ ᠶᠠᠭᠠᠷᠠᠯᠲᠠᠢ ᠪᠠᠶᠢᠳᠠᠯ ᠢᠯᠡᠷᠡᠨ᠎ᠡ᠃      ᠡᠨᠡ ᠵᠢᠯ ᠵᠢᠩ ᠾᠧ ᠬᠠᠮᠲᠤᠷᠠᠨ ᠳᠠᠭᠠᠭᠠᠴᠢᠯᠠᠭᠰᠠᠨ 300 ᠮᠦ ᠲᠠᠷᠢᠶᠠᠨ ᠭᠠᠵᠠᠷ ᠲᠠᠭᠠᠨ ᠵᠢᠯ ᠳᠤ ᠬᠤᠶᠠᠷ ᠤᠳᠠᠭ᠎ᠠ ᠬᠤᠷᠢᠶᠠᠬᠤ ᠳᠠᠬᠢᠨ ᠳᠠᠷᠢᠬᠤ ᠵᠠᠭᠪᠤᠷ ᠢ ᠬᠠᠶᠢᠨ ᠰᠦᠪᠡᠭᠴᠢᠯᠡᠵᠦ᠂ ᠨᠢᠭᠡᠳᠦᠭᠡᠷ ᠡᠭᠡᠯᠵᠢ ᠳᠤ ᠲᠠᠷᠪᠤᠰ ᠤᠨ ᠰᠢᠨ᠎ᠡ ᠡᠭᠦᠯᠳᠡᠷ ︱ ᠶᠢᠨ ᠬᠤᠸᠠ 6 ᠳ᠋ᠤᠭᠠᠷ ᠨᠣᠮᠧᠷᠲᠤ ᠶᠢ ᠣᠷᠣᠭᠤᠯᠤᠨ ᠠᠪᠴᠢᠷᠠᠵᠤ᠂ ᠬᠤᠶᠠᠳᠤᠭᠠᠷ ᠡᠭᠡᠯᠵᠢ ᠳᠤ ᠯᠢᠩ ᠯᠦᠩ 2 ᠳ᠋ᠤᠭᠠᠷ ᠨᠣᠮᠧᠷᠲᠤ ᠴᠠᠭᠠᠨ ᠨᠣᠭᠤᠭ᠎ᠠ ᠶᠢᠨ ᠴᠢᠬᠢ ᠶᠢ ᠳᠠᠷᠢᠵᠤ᠂ 8 ᠰᠠᠷ᠎ᠠ ᠶᠢᠨ ᠡᠬᠢ ᠪᠠᠷ ᠳᠠᠷᠢᠭᠰᠠᠨ ᠲᠠᠷᠪᠤᠰ ᠢ ᠪᠦᠬᠦᠨ ᠢᠶᠠᠷ ᠨᠢ ᠵᠠᠬ᠎ᠠ ᠳᠡᠯᠭᠡᠭᠦᠷ ᠲᠤ ᠪᠣᠷᠣᠯᠠᠭᠤᠯᠤᠨ᠂ ᠮᠦ ᠪᠦᠷᠢ ᠶᠢᠨ ᠤᠨᠠᠯᠲᠠ 10000 ᠵᠢᠩ ᠣᠷᠴᠢᠮ ᠪᠠᠶᠢᠵᠤ᠂ ᠵᠢᠩ ᠪᠦᠷᠢ ᠳᠤ 0.7 ᠲᠥᠭᠦᠷᠢᠭ᠂ ᠮᠦ ᠪᠦᠷᠢ ᠶᠢᠨ ᠳᠤᠮᠳᠠᠴᠢ ᠴᠡᠪᠡᠷ ᠣᠷᠣᠯᠭ᠎ᠠ 4000 ᠲᠥᠭᠦᠷᠢᠭ ᠣᠷᠴᠢᠮ ᠪᠣᠯᠣᠨ᠎ᠠ︔ ᠲᠠᠷᠠᠭ᠎ᠠ ᠪᠠᠷ ᠨᠢ ᠪᠠᠰᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠭ᠎ᠠ ᠪᠠᠷ ᠾᠧᠪᠸᠢ ᠮᠤᠵᠢ ᠶᠢᠨ ᠪᠣᠶᠢᠵᠢᠭᠤᠯᠤᠭᠰᠠᠨ ᠯᠢᠩ ᠯᠦᠩ ᠬᠤᠶᠠᠳᠤᠭᠠᠷ ᠨᠣᠮᠧᠷᠲᠤ ᠴᠠᠭᠠᠨ ᠨᠣᠭᠤᠭ᠎ᠠ ᠶᠢᠨ ᠴᠢᠬᠢ ᠶᠢ ᠣᠷᠣᠭᠤᠯᠤᠨ ᠠᠪᠴᠢᠷᠠᠵᠤ᠂ ᠲᠠᠷᠪᠤᠰ ᠤᠨ ᠲᠠᠷᠢᠶᠠᠨ ᠳᠤ ᠭᠦᠨ ᠤᠷᠪᠠᠭᠤᠯᠵᠤ᠂ ᠪᠦᠷᠬᠦᠪᠴᠢ ᠶᠢ ᠨᠢ ᠪᠦᠷᠬᠦᠵᠦ᠂ ᠴᠠᠭᠠᠨ ᠨᠣᠭᠤᠭ᠎ᠠ ᠶᠢᠨ ᠴᠢᠬᠢ ᠶᠢ ᠲᠠᠷᠢᠵᠦ᠂ ᠬᠤᠶᠠᠳᠠᠭᠢ ᠴᠠᠭᠠᠨ ᠨᠣᠭᠤᠭ᠎ᠠ ᠶᠢ ᠣᠶᠢᠷ᠎ᠠ ᠶᠢᠨ ᠬᠤᠭᠤᠴᠠᠭᠠᠨ ᠳᠤ ᠵᠠᠬ᠎ᠠ ᠳᠡᠯᠭᠡᠭᠦᠷ ᠲᠤ ᠭᠠᠷᠭᠠᠵᠤ᠂ ᠮᠦ ᠪᠦᠷᠢ ᠶᠢᠨ ᠤᠨᠠᠯᠲᠠ ᠨᠢ 8000 ︱ 10000 ᠵᠢᠩ ᠳᠤ ᠬᠦᠷᠴᠦ᠂ ᠮᠦ ᠪᠦᠷᠢ ᠶᠢᠨ ᠴᠡᠪᠡᠷ ᠣᠷᠣᠯᠭ᠎ᠠ ᠨᠢ 3000 ᠭᠠᠷᠤᠢ ᠲᠥᠭᠦᠷᠢᠭ ᠲᠤ ᠬᠦᠷᠴᠦ᠂ ᠬᠤᠶᠠᠷ ᠠᠴᠠ ᠬᠤᠶᠢᠰᠢ ᠮᠦ ᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠨᠢ 7000 ᠲᠥᠭᠦᠷᠢᠭ ᠢ ᠳᠠᠪᠠᠭᠰᠠᠨ ᠪᠠᠶᠢᠨ᠎ᠠ᠃      ᠭᠠᠵᠠᠷ ᠰᠢᠷᠣᠢ ᠶᠢᠨ ᠦᠷ᠎ᠡ ᠠᠰᠢᠭ ᠢ ᠬᠡᠷᠬᠢᠨ ᠬᠠᠮᠤᠭ ᠤᠨ ᠶᠡᠭᠡ ᠪᠣᠯᠭᠠᠬᠤ ᠲᠤᠬᠠᠢ ᠬᠤᠷᠢᠨᠭᠡᠷ ᠰᠢᠶᠠᠨ ᠤ ᠱᠠᠪᠠᠭ᠋ᠠᠢ ᠲᠣᠰᠬᠤᠨ ᠤ ︽ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ︾ ᠶᠢᠨ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠴᠣᠭᠴᠠ ᠠᠴᠠ ᠲᠠᠷᠢᠶᠠᠴᠢᠳ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠶᠢ ᠢᠳᠡᠪᠬᠢᠲᠡᠢ ᠬᠥᠲᠥᠯᠥᠨ ᠵᠢᠯᠣᠭᠤᠳᠪᠠ᠃ ᠡᠨᠡ ᠵᠢᠯ᠂  ᠱᠠᠪᠠᠭ᠋ᠠᠢ ᠵᠠᠰᠠᠭ ᠵᠠᠬᠢᠷᠭᠠᠨ ᠤ ᠲᠣᠰᠬᠤᠨ ᠤ ᠪᠠᠷᠠᠭᠤᠨ ᠰᠢᠪᠠᠷᠲᠠᠢ ᠲᠣᠰᠬᠤᠨ ᠤ ᠵᠢᠩ ᠾᠧ ᠬᠤᠷᠰᠢᠶ᠎ᠠ ᠶᠢᠨ ᠳᠠᠭᠠᠭᠠᠴᠢᠯᠠᠭᠰᠠᠨ 300 ᠮᠦ ᠲᠠᠷᠢᠶᠠᠨ ᠳᠤ ︽ᠭᠤᠸᠠ ᠨᠣᠭᠤᠭ᠎ᠠ ᠶᠢ ᠳᠠᠬᠢᠨ ᠲᠠᠷᠢᠬᠤ︾ ᠵᠠᠭᠪᠤᠷ ᠢ ᠳᠡᠯᠭᠡᠷᠡᠭᠦᠯᠵᠦ᠂ ︽ᠨᠢᠭᠡ ᠨᠢ ᠦᠯᠡᠳᠡᠪᠦᠷᠢ ᠲᠠᠢ᠂ ᠬᠤᠶᠠᠷ ᠨᠢ ᠬᠦᠷᠦᠯᠴᠡᠬᠦ ᠦᠭᠡᠢ︾ ᠪᠠᠶᠢᠬᠤ ᠪᠣᠭᠤᠮᠢ ᠶᠢ ᠪᠦᠲᠦᠮᠵᠢᠲᠡᠢ ᠠᠷᠢᠯᠭᠠᠪᠠ᠃ Aᠭᠤᠸᠠ ᠨᠣᠭᠤᠭ᠎ᠠ ᠶᠢ ᠳᠠᠬᠢᠨ ᠳᠠᠷᠢᠬᠤ ᠨᠢ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠦᠴᠦᠨ ᠵᠦᠢᠯ ᠢ ᠤᠯᠠᠮ ᠨᠢᠭᠡ ᠠᠯᠬᠤᠮ ᠬᠥᠭᠵᠢᠭᠡᠬᠦ ᠪᠠᠷ ᠪᠠᠷᠠᠬᠤ ᠦᠭᠡᠢ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠵᠤ᠂ ᠤᠯᠠᠮᠵᠢᠯᠠᠯᠲᠤ ᠲᠠᠷᠢᠶᠠᠯᠠᠩ ᠤᠨ ᠠᠵᠤ ᠦᠢᠯᠡᠰ ᠤᠨ ︽ᠬᠤᠶᠠᠳᠠᠭᠢ ᠤᠳᠠᠭᠠᠨ ᠤ ᠬᠥᠭᠵᠢᠯᠲᠡ︾ ᠶᠢ ᠲᠦᠯᠬᠢᠨ ᠠᠬᠢᠭᠤᠯᠵᠤ᠂ ᠲᠣᠰᠬᠤᠨ ᠤ ᠬᠠᠮᠲᠤ ᠨᠡᠶᠢᠲᠡ ᠪᠠ ᠣᠯᠠᠨ ᠲᠦᠮᠡᠨ ᠤ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠳᠤ ᠰᠢᠨ᠎ᠡ ᠠᠷᠭ᠎ᠠ ᠵᠠᠮ ᠬᠠᠩᠭᠠᠭᠰᠠᠨᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ