ᠪᠣᠣ ᠭᠠᠩ ᠴᠢᠩᠬᠡᠯᠢᠭ ᠡᠮᠨᠡᠯᠭᠡ ᠶᠢᠨ ᠬᠤᠷᠢᠶ᠎ᠠ ᠪᠣᠯᠣᠨ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠠᠵᠢᠯᠯᠠᠭᠠᠨ ᠤ ᠪᠠᠶᠢᠳᠠᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2022/11/10
ᠴᠠᠩ ᠫᠧᠢ ᠵᠦᠩ ᠣᠷᠣᠯᠴᠠᠪᠠ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠴᠢᠩᠬᠡᠯᠢᠭ ᠡᠮᠨᠡᠯᠭᠡ ᠶᠢᠨ ᠬᠤᠷᠢᠶ᠎ᠠ ᠪᠣᠯᠣᠨ ᠲᠤᠰᠠᠭᠠᠷᠯᠠᠬᠤ ᠪᠠᠭᠤᠳᠠᠯ ᠤᠳ ᠢᠶᠠᠷ ᠭᠦᠨᠵᠡᠭᠡᠶᠢᠷᠡᠵᠦ᠂ ᠬᠠᠮᠢᠶᠠᠷᠤᠯᠲᠠ ᠠᠵᠢᠯᠯᠠᠭᠠᠨ ᠤ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠪᠠ᠃      ᠪᠣᠣ ᠭᠠᠩ ᠤᠷᠢᠳ ᠬᠤᠵᠢᠳ ᠲᠡᠦᠬᠡ ᠶᠢᠨ ᠮᠦᠽᠧᠢ ᠶᠢᠨ ᠴᠢᠩᠬᠡᠯᠢᠭ ᠡᠮᠨᠡᠯᠭᠡ ᠶᠢᠨ ᠬᠤᠷᠢᠶ᠎ᠠ ᠪᠣᠯᠣᠨ ᠵᠡᠭᠦᠨ ᠦᠷᠲᠡᠭᠡ ᠶᠢᠨ ᠴᠢᠩᠬᠡᠯᠢᠭ ᠡᠮᠨᠡᠯᠭᠡ ᠶᠢᠨ ᠬᠤᠷᠢᠶᠠᠨ ᠤ ᠵᠢᠯᠤᠭᠤᠳᠬᠤ ᠭᠠᠵᠠᠷ ᠲᠤ ᠬᠦᠷᠴᠦ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠭᠰᠡᠭᠡᠷ ᠪᠠᠶᠢᠭ᠎ᠠ ᠡᠮᠴᠢ ᠰᠤᠪᠢᠯᠠᠭᠴᠢ᠂ ᠰᠠᠬᠢᠵᠤ ᠰᠠᠭᠤᠭ᠎ᠠ ᠭᠠᠯ ᠤᠨᠲᠠᠷᠠᠭᠠᠬᠤ ᠠᠩᠭᠢ ᠶᠢᠨ ᠬᠢᠨ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠭᠥᠯᠢᠶᠡᠨ ᠠᠪᠴᠤ ᠡᠮᠨᠡᠬᠦ᠂ ᠬᠠᠮᠢᠶᠠᠷᠤᠨ ᠰᠤᠪᠢᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠣᠯᠣᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠢ ᠴᠠᠬᠢᠮ ᠬᠠᠷᠠᠭ᠎ᠠ ᠪᠠᠷ ᠨᠠᠷᠢᠨ ᠣᠶᠢᠯᠠᠭᠠᠪᠠ᠃ ᠲᠡᠷᠡ᠂ ᠤᠯᠠᠨ ᠢᠶᠠᠷ ᠢᠶᠠᠨ ᠦᠷᠭᠦᠯᠵᠢᠯᠡᠨ ᠪᠠᠶᠢᠯᠳᠤᠬᠤ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ︽ᠠᠮᠢ ᠨᠠᠰᠤ ᠶᠢ ᠳᠡᠭᠡᠳᠦᠯᠡᠵᠦ᠂ ᠠᠷᠠᠳ ᠲᠦᠮᠡᠨ ᠢ ᠳᠡᠭᠡᠳᠦᠯᠡᠬᠦ︾ ᠶᠢ ᠪᠠᠷᠢᠮᠲᠠᠯᠠᠵᠤ᠂ ᠡᠪᠡᠳᠴᠢᠲᠡᠨ ᠢ ᠡᠮᠨᠡᠨ ᠠᠪᠤᠷᠠᠬᠤ᠂ ᠰᠡᠳᠬᠢᠴᠡ ᠶᠢ ᠲᠠᠶᠢᠳᠬᠤᠷᠠᠭᠤᠯᠤᠨ ᠵᠢᠯᠤᠭᠤᠳᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠬᠦᠰᠡᠪᠡ᠃ ᠲᠦᠷᠭᠡᠨ ᠬᠦᠯᠢᠶᠡᠨ ᠠᠪᠴᠤ ᠲᠦᠷᠭᠡᠨ ᠡᠮᠨᠡᠵᠦ᠂ ᠡᠮᠨᠡᠯᠭᠡ ᠠᠴᠠ ᠭᠠᠷᠭᠠᠬᠤ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩᠬᠡᠯᠢᠭ ᠡᠮᠨᠡᠯᠭᠡ ᠶᠢᠨ ᠬᠤᠷᠢᠶ᠎ᠠ ᠶᠢᠨ ᠠᠶᠤᠯᠭᠦᠢ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠵᠢᠦᠢ ᠬᠤᠸᠠ ᠵᠢᠶᠠ ᠰᠢ ᠪᠠᠭᠤᠳᠠᠯ᠂ ᠪᠠᠶᠠᠨᠲᠠᠯ᠎ᠠ ᠪᠠᠭᠤᠳᠠᠯ ᠪᠣᠯᠣᠨ ᠬᠠᠢ ᠯᠢᠶᠠᠩ ᠪᠠᠭᠤᠳᠠᠯ ᠳᠤ᠂ ᠪᠣᠣ ᠭᠠᠩ ᠳᠠᠭᠠᠭᠠᠴᠢᠯᠠᠨ ᠬᠠᠷᠢᠯᠴᠠᠬᠤ ᠺᠠᠳ᠋ᠷ᠂ ᠣᠷᠣᠨ ᠪᠠᠶᠢᠷᠢ ᠶᠢᠨ ᠳᠠᠷᠤᠭ᠎ᠠ ᠠᠴᠠ ᠲᠤᠰᠠᠭᠠᠷᠯᠠᠭᠰᠠᠨ ᠬᠥᠮᠥᠨ ᠤ ᠲᠤᠭ᠎ᠠ᠂ ᠪᠣᠬᠢᠷᠲᠤᠯ ᠲᠠᠢ ᠣᠷᠣᠨ ᠪᠣᠯᠣᠨ ᠴᠡᠪᠡᠷ ᠣᠷᠣᠨ ᠤ ᠠᠵᠢᠯᠲᠠᠨ ᠤ ᠲᠣᠬᠢᠷᠠᠭᠤᠯᠤᠯᠲᠠ᠂ ᠦᠷᠦᠭᠡ ᠶᠢ ᠰᠤᠯᠠᠯᠠᠨ ᠪᠤᠴᠠᠭᠠᠵᠤ ᠠᠷᠢᠭᠤᠳᠬᠠᠬᠤ᠂ ᠭᠠᠯ ᠰᠡᠷᠭᠡᠶᠢᠯᠡᠭᠡ ᠶᠢᠨ ᠠᠶᠤᠯᠭᠦᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠤᠨ ᠳᠠᠷᠠᠭᠠᠯᠠᠯ ᠢ ᠰᠢᠯᠢᠳᠡᠭᠵᠢᠭᠦᠯᠵᠦ᠂ ᠲᠤᠰᠠᠭᠠᠷᠯᠠᠬᠤ ᠡᠬᠢ ᠪᠠᠶᠠᠯᠢᠭ ᠤᠨ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠵᠦ᠂ ᠭᠠᠯ ᠤᠨ ᠠᠶᠤᠯ ᠤᠨ ᠬᠡᠮ ᠰᠣᠭᠤᠭ ᠢ ᠪᠠᠶᠢᠴᠠᠭᠠᠵᠤ᠂ ᠲᠤᠰᠠᠭᠠᠷᠯᠠᠬᠤ ᠭᠠᠵᠠᠷ ᠤᠨ ᠠᠵᠢᠯᠯᠠᠭᠠᠨ ᠤ ᠠᠶᠤᠯᠭᠦᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠲᠠ ᠶᠢᠨ ᠤᠳᠤᠷᠢᠳᠤᠯᠭ᠎ᠠ ᠴᠠᠩ ᠫᠧᠢ ᠵᠥᠩ᠂ ᠯᠢᠦ ᠴᠧᠩ ᠮᠢᠨ ᠠᠳᠠᠯᠢ ᠪᠤᠰᠤ ᠭᠠᠵᠠᠷ ᠲᠤ ᠬᠢᠨᠠᠨ ᠵᠢᠯᠤᠭᠤᠳᠴᠤ ᠪᠠᠶᠢᠴᠠᠭᠠᠬᠤ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ