11 ᠰᠠᠷ᠎ᠠ ᠶᠢᠨ 9 ᠤ ᠡᠳᠦᠷ ᠤᠨ 0 ᠴᠠᠭ ᠠᠴᠠ 24 ᠴᠠᠭ ᠪᠤᠯᠲᠠᠯ᠎ᠠ ᠦᠪᠦᠷ ᠮᠤᠩᠭᠤᠯ ᠤᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/11/10
      11 ᠰᠠᠷ᠎ᠠ ᠶᠢᠨ 9 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠤᠳᠤᠯᠠᠭᠰᠠᠨ ᠡᠪᠡᠳᠴᠢᠨ ᠤ ᠵᠢᠱᠢᠶ᠎ᠡ 107 ᠰᠢᠨ᠎ᠡ ᠪᠠᠷ ᠨᠡᠮᠡᠭᠳᠡᠪᠡ᠂ ᠡᠭᠦᠨ ᠳᠤ ᠬᠥᠬᠡᠬᠤᠲᠠ ᠳᠤ 101 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠤᠳᠤᠯᠠᠭᠰᠠᠨ ᠡᠪᠡᠳᠴᠢᠨ ᠤ ᠵᠢᠱᠢᠶ᠎ᠡ ᠪᠤᠯᠤᠭᠰᠠᠨ 1 ᠪᠠᠭᠲᠠᠨ᠎ᠠ︶᠂ ᠤᠯᠠᠭᠠᠨᠬᠠᠳᠠ ᠬᠤᠲᠠ ᠳᠤ 3 ︵ᠴᠦᠮ ᠬᠤᠩᠱᠠᠨ ᠲᠣᠭᠤᠷᠢᠭ ᠲᠤ︶᠂ ᠣᠷᠳᠣᠰ ᠬᠤᠲᠠ ᠳᠤ 3 ︵ᠳᠠᠯᠠᠳ ᠬᠤᠰᠢᠭᠤᠨ ᠳᠤ 2᠂ ᠡᠵᠡᠨ ᠬᠤᠷᠤᠭ᠎ᠠ ᠬᠤᠰᠢᠭᠤᠨ ᠳᠤ 1︶ ᠪᠤᠢ᠃ ᠲᠤᠬᠠᠢ ᠶᠢᠨ ᠭᠠᠵᠠᠷ ᠤᠨ ᠲᠣᠳᠣᠯᠠᠭᠰᠠᠨ 54 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠬᠦᠬᠡᠬᠤᠲᠠ ᠳᠤ 40᠂ ᠤᠯᠠᠭᠠᠨᠬᠠᠳᠠ ᠬᠤᠲᠠ ᠳᠤ 7 ︵ᠬᠤᠩᠱᠠᠨ ᠲᠣᠭᠤᠷᠢᠭ ᠲᠤ 2᠂ ᠠᠷᠤ ᠬᠤᠷᠴᠢᠨ ᠬᠤᠰᠢᠭᠤᠨ ᠳᠤ 5︶᠂ ᠰᠢᠯᠢ ᠶᠢᠨ ᠭᠤᠤᠯ ᠠᠶᠢᠮᠠᠭ ᠲᠤ 3 ︵ᠴᠦᠮ ᠰᠢᠯᠢᠩᠬᠤᠲᠠ ᠳᠤ︶᠂ ᠣᠷᠳᠣᠰ ᠬᠤᠲᠠ ᠳᠤ 4 ︵ᠡᠵᠡᠨ ᠬᠤᠷᠤᠭ᠎ᠠ ᠬᠤᠰᠢᠭᠤᠨ ᠳᠤ 1᠂ ᠬᠠᠩᠭᠢᠨ ᠬᠤᠰᠢᠭᠤᠨ ᠳᠤ 2᠂ ᠳᠠᠯᠠᠳ ᠬᠤᠰᠢᠭᠤᠨ ᠳᠤ 1︶ ᠪᠤᠢ᠃        11 ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠳᠤᠯᠠᠭᠰᠠᠨ ᠡᠪᠡᠳᠴᠢᠨ ᠤ ᠵᠢᠱᠢᠶ᠎ᠡ 1078 ᠪᠠᠶᠢᠵᠤ᠂ ᠡᠭᠦᠨ ᠳᠤ ᠬᠥᠬᠡᠬᠤᠲᠠ ᠳᠤ 1008᠂ ᠪᠤᠭᠤᠲᠤ ᠬᠤᠲᠠ ᠳᠤ 7 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 1᠂ ᠳ᠋ᠦᠩ ᠾᠧ ᠲᠣᠭᠤᠷᠢᠭ ᠲᠤ 1᠂ ᠵᠢᠦ ᠶᠤᠸᠠᠨ ᠲᠣᠭᠤᠷᠢᠭ ᠲᠤ 3︶᠂ ᠲᠦᠩᠯᠢᠶᠣᠤ ᠬᠤᠲᠠ ᠳᠤ 3 ︵ᠴᠦᠮ ᠬᠤᠷᠴᠢᠨ ᠲᠣᠭᠤᠷᠢᠭ ᠲᠤ︶᠂ ᠤᠯᠠᠭᠠᠨᠬᠠᠳᠠ ᠬᠤᠲᠠ ᠳᠤ 25 ︵ᠬᠤᠩᠱᠠᠨ ᠲᠣᠭᠤᠷᠢᠭ ᠲᠤ 11᠂ ᠠᠷᠤ ᠬᠤᠷᠴᠢᠨ ᠬᠤᠰᠢᠭᠤᠨ ᠳᠤ 14︶᠂ ᠰᠢᠯᠢ ᠶᠢᠨ ᠭᠤᠤᠯ ᠠᠶᠢᠮᠠᠭ ᠲᠤ 2 ︵ᠰᠢᠯᠢᠩᠬᠤᠲᠠ ᠳᠤ 1᠂ ᠠᠪᠠᠭ᠎ᠠ ᠬᠤᠰᠢᠭᠤᠨ ᠳᠤ 1︶᠂ ᠣᠷᠳᠣᠰ ᠬᠤᠲᠠ ᠳᠤ 29 ︵ᠳ᠋ᠦᠩᠱᠧᠩ ᠲᠤᠭᠤᠷᠢᠭ ᠲᠤ 1᠂ ᠳᠠᠯᠠᠳ ᠬᠤᠰᠢᠭᠤᠨ ᠳᠤ 7᠂ ᠵᠡᠭᠦᠨᠭᠠᠷ ᠬᠤᠰᠢᠭᠤᠨ ᠳᠤ 3᠂ ᠡᠵᠡᠨ ᠬᠤᠷᠤᠭ᠎ᠠ ᠬᠤᠰᠢᠭᠤᠨ ᠳᠤ 9᠂ ᠬᠠᠩᠭᠢᠨ ᠬᠤᠰᠢᠭᠤᠨ ᠳᠤ 9︶᠂ ᠪᠠᠶᠠᠨᠨᠠᠭᠤᠷ ᠬᠤᠲᠠ ᠳᠤ 1 ︵ᠤᠷᠠᠳ ᠤᠨ ᠡᠮᠦᠨᠡᠲᠦ ᠬᠤᠰᠢᠭᠤᠨ ᠳᠤ︶᠂ ᠦᠬᠠᠢ ᠬᠤᠲᠠ ᠳᠤ 2 ︵ᠴᠦᠮ ᠬᠠᠶᠢᠷᠤᠪ ᠤᠨ ᠲᠤᠬᠤᠢ ᠲᠤᠭᠤᠷᠢᠭ ᠲᠤ︶᠂ ᠠᠯᠠᠱᠠ ᠠᠶᠢᠮᠠᠭ ᠲᠤ 1 ︵ᠴᠡᠭᠡ ᠪᠤᠭᠤᠮᠲᠠ ᠳᠤ︶ ᠪᠤᠢ᠃      ᠲᠤᠬᠠᠢ ᠶᠢᠨ ᠡᠳᠦᠷ ᠲᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠵᠦ᠂ 1 ᠲᠣᠳᠣᠯᠠᠭᠰᠠᠨ ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 1 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ︵ᠴᠦᠮ ᠨᠡᠶᠢᠰᠯᠡᠯ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠭᠰᠠᠳ︶ ᠭᠠᠷᠭᠠᠪᠠ᠃ ᠤᠳᠤᠬᠠᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠤᠳᠤᠯᠠᠭᠰᠠᠨ ᠡᠪᠡᠳᠴᠢᠨ ᠤ ᠵᠢᠱᠢᠶ᠎ᠡ 10᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠭᠴᠢ 3 ᠪᠤᠢ᠃      ᠲᠤᠬᠠᠢ ᠶᠢᠨ ᠡᠳᠦᠷ ᠲᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1019 ᠰᠢᠨ᠎ᠡ ᠪᠠᠷ ᠨᠡᠮᠡᠭᠳᠡᠵᠦ᠂ ᠡᠭᠦᠨ ᠳᠤ ᠬᠥᠬᠡᠬᠤᠲᠠ ᠳᠤ 956 ᠂ ᠪᠤᠭᠤᠲᠤ ᠬᠤᠲᠠ ᠳᠤ 6 ︵ᠬᠥᠨᠳᠡᠯᠡᠨ ᠲᠣᠭᠤᠷᠢᠭ ᠲᠤ 1᠂ ᠳ᠋ᠦᠩ ᠾᠧ ᠲᠣᠭᠤᠷᠢᠭ ᠲᠤ 3᠂ ᠵᠢᠦ ᠶᠤᠸᠠᠨ ᠲᠣᠭᠤᠷᠢᠭ ᠲᠤ 2︶᠂ ᠤᠯᠠᠭᠠᠨᠬᠠᠳᠠ ᠬᠤᠲᠠ ᠳᠤ 9 ︵ᠬᠤᠩᠱᠠᠨ ᠲᠣᠭᠤᠷᠢᠭ ᠲᠤ 6᠂ ᠰᠦᠩᠱᠠᠨ ᠲᠤᠭᠤᠷᠢᠭ ᠲᠤ 3︶᠂ ᠰᠢᠯᠢ ᠶᠢᠨ ᠭᠤᠤᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 9 ︵ᠴᠦᠮ ᠵᠢᠨᠢᠩ ᠲᠤᠭᠤᠷᠢᠭ ᠲᠤ︶᠂ ᠪᠠᠶᠠᠨᠨᠠᠭᠤᠷ ᠬᠤᠲᠠ ᠳᠤ 5 ︵ᠤᠷᠠᠳ ᠤᠨ ᠬᠤᠶᠢᠲᠤ ᠬᠤᠰᠢᠭᠤᠨ ᠳᠤ 2᠂ ᠬᠠᠩᠭᠢᠨ ᠬᠤᠶᠢᠲᠤ ᠬᠤᠰᠢᠭᠤᠨ ᠳᠤ 3︶᠂ ᠦᠬᠠᠢ ᠬᠤᠲᠠ ᠳᠤ 1 ︵ᠬᠠᠶᠢᠷᠤᠪ ᠤᠨ ᠲᠤᠬᠤᠢ ᠲᠤᠭᠤᠷᠢᠭ ᠲᠤ︶᠂ ᠠᠯᠠᠱᠠ ᠠᠶᠢᠮᠠᠭ ᠲᠤ 32 ︵ᠴᠦᠮ ᠠᠯᠠᠱᠠ ᠪᠠᠷᠠᠭᠤᠨ ᠬᠤᠰᠢᠭᠤᠨ ᠳᠤ︶ ᠪᠣᠶ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 209 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠦᠬᠡᠬᠤᠲᠠ ᠳᠤ 184᠂ ᠤᠯᠠᠭᠠᠨᠬᠠᠳᠠ ᠬᠤᠲᠠ ᠳᠤ 11 ︵ᠬᠤᠩᠱᠠᠨ ᠲᠤᠭᠤᠷᠢᠭ ᠲᠤ 10᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠤᠯ ᠠᠶᠢᠮᠠᠭ ᠲᠤ 1 ︵ᠰᠢᠯᠢᠩᠬᠤᠲᠠ ᠳᠤ︶᠂ ᠣᠷᠳᠣᠰ ᠬᠤᠲᠠ ᠳᠤ 4 ︵ᠴᠦᠮ ᠬᠠᠩᠭᠢᠨ ᠬᠤᠰᠢᠭᠤᠨ ᠳᠤ︶᠂ ᠤᠯᠠᠭᠠᠨᠴᠠᠪ ᠬᠤᠲᠠ ᠳᠤ 2 ︵ᠴᠦᠮ ᠵᠢᠨᠢᠩ ᠲᠤᠭᠤᠷᠢᠭ ᠲᠤ︶᠂ ᠪᠠᠶᠠᠨᠨᠠᠭᠤᠷ ᠬᠤᠲᠠ ᠳᠤ 5 ︵ᠴᠦᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 2 ︵ᠠᠯᠠᠱᠠ ᠪᠠᠷᠠᠭᠤᠨ ᠬᠤᠰᠢᠭᠤᠨ ᠳᠤ 1᠂ ᠴᠡᠭᠡ ᠪᠤᠭᠤᠮᠲᠠ ᠳᠤ 1︶ ᠪᠤᠢ᠃        11 ᠰᠠᠷ᠎ᠠ ᠶᠢᠨ 9 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 8378 ᠪᠠᠶᠢᠵᠤ᠂ ᠡᠭᠦᠨ ᠳᠤ ᠬᠥᠬᠡᠬᠤᠲᠠ ᠳᠤ 8020᠂ ᠪᠤᠭᠤᠲᠤ ᠬᠤᠲᠠ ᠳᠤ 17 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 2᠂ ᠳ᠋ᠦᠩ ᠾᠧ ᠲᠣᠭᠤᠷᠢᠭ ᠲᠤ 4᠂ ᠵᠢᠦ ᠶᠤᠸᠠᠨ ᠲᠣᠭᠤᠷᠢᠭ ᠲᠤ 6᠂ ᠰᠢᠭᠤᠶᠢᠲᠤ ᠲᠤᠭᠤᠷᠢᠭ ᠲᠤ 3︶᠂ ᠬᠢᠩᠭᠠᠨ ᠠᠶᠢᠮᠠᠭ ᠲᠤ 1 ︵ᠵᠠᠯᠠᠶᠢᠳ ᠬᠤᠰᠢᠭᠤᠨ ᠳᠤ︶᠂ ᠲᠦᠩᠯᠢᠶᠣᠤ ᠬᠤᠲᠠ ᠳᠤ 2 ︵ᠴᠦᠮ ᠬᠤᠷᠴᠢᠨ ᠲᠣᠭᠤᠷᠢᠭ ᠲᠤ︶᠂ ᠤᠯᠠᠭᠠᠨᠬᠠᠳᠠ ᠬᠤᠲᠠ ᠳᠤ 56 ︵ᠬᠤᠩᠱᠠᠨ ᠲᠤᠭᠤᠷᠢᠭ ᠲᠤ 43᠂ ᠰᠦᠩᠱᠠᠨ ᠲᠤᠭᠤᠷᠢᠭ ᠲᠤ 3᠂ ᠠᠷᠤ ᠬᠤᠷᠴᠢᠨ ᠬᠤᠰᠢᠭᠤᠨ ᠳᠤ 10︶᠂ ᠰᠢᠯᠢ ᠶᠢᠨ ᠭᠤᠤᠯ ᠠᠶᠢᠮᠠᠭ ᠲᠤ 13 ︵ᠰᠢᠯᠢᠩᠬᠤᠲᠠ ᠳᠤ 6᠂ ᠡᠷᠢᠶᠡᠨ ᠬᠤᠲᠠ ᠳᠤ 3᠂ ᠰᠦᠨᠢᠳ ᠵᠡᠭᠦᠨ ᠬᠤᠰᠢᠭᠤᠨ ᠳᠤ 2᠂ ᠰᠦᠨᠢᠳ ᠪᠠᠷᠠᠭᠤᠨ ᠬᠤᠰᠢᠭᠤᠨ ᠳᠤ 2︶᠂ ᠤᠯᠠᠭᠠᠨᠴᠠᠪ ᠬᠤᠲᠠ ᠳᠤ 64 ︵ᠵᠢᠨᠢᠩ ᠲᠤᠭᠤᠷᠢᠭ ᠲᠤ 62᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 1᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 1︶᠂ ᠣᠷᠳᠣᠰ ᠬᠤᠲᠠ ᠳᠤ 32 ︵ᠴᠦᠮ ᠬᠠᠩᠭᠢᠨ ᠬᠤᠰᠢᠭᠤᠨ ᠳᠤ︶᠂ ᠪᠠᠶᠠᠨᠨᠠᠭᠤᠷ ᠬᠤᠲᠠ ᠳᠤ 112 ︵ᠯᠢᠨ ᠾᠧ ᠲᠣᠭᠤᠷᠢᠭ ᠲᠤ 26᠂ ᠦᠶᠤᠸᠠᠨ ᠰᠢᠶᠠᠨ ᠳᠤ 34᠂ ᠤᠷᠠᠳ ᠤᠨ ᠡᠮᠦᠨᠡᠲᠦ ᠬᠤᠰᠢᠭᠤᠨ ᠳᠤ 31᠂ ᠤᠷᠠᠳ ᠤᠨ ᠬᠤᠶᠢᠲᠤ ᠬᠤᠰᠢᠭᠤᠨ ᠳᠤ 11᠂ ᠬᠠᠩᠭᠢᠨ ᠬᠤᠶᠢᠲᠤ ᠬᠤᠰᠢᠭᠤᠨ ᠳᠤ 10︶᠂ ᠦᠬᠠᠢ ᠬᠤᠲᠠ ᠳᠤ 2 ︵ᠴᠦᠮ ᠬᠠᠶᠢᠷᠤᠪ ᠤᠨ ᠲᠤᠬᠤᠢ ᠲᠤᠭᠤᠷᠢᠭ ᠲᠤ︶᠂ ᠠᠯᠠᠱᠠ ᠠᠶᠢᠮᠠᠭ ᠲᠤ 59 ︵ᠠᠯᠠᠱᠠ ᠵᠡᠭᠦᠨ ᠬᠤᠰᠢᠭᠤᠨ ᠳᠤ 4᠂ ᠠᠯᠠᠱᠠ ᠪᠠᠷᠠᠭᠤᠨ ᠬᠤᠰᠢᠭᠤᠨ ᠳᠤ 48᠂ ᠴᠡᠭᠡ ᠪᠤᠭᠤᠮᠲᠠ ᠳᠤ 7︶ ᠪᠤᠢ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠠᠵᠦ ᠪᠠᠶᠢᠨ᠎ᠠ᠃   
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ