ᠾᠧ ᠬᠠᠢ ᠳ᠋ᠦᠩ ᠰᠠᠭᠤᠭᠠᠯᠢ ᠠᠷᠠᠳ ᠤᠨ ᠬᠤᠷᠢᠶᠠᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/11/11
      ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠾᠧ ᠬᠠᠢ ᠳ᠋ᠦᠩ ᠨᠠᠷ ᠬᠤᠷᠢᠶᠠᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠾᠧ ᠬᠠᠢ ᠳ᠋ᠦᠩ ᠨᠠᠷ ᠤᠷᠢᠳ ᠬᠤᠵᠢᠳ ᠰᠢᠨ᠎ᠡ ᠬᠤᠲᠠ ᠶᠢᠨ ᠲᠣᠭᠤᠷᠢᠭ ᠤᠨ ᠹᠠᠩ ᠾᠧᠩ · ᠱᠠᠩ ᠢᠦᠢ ᠹᠦ᠋ ᠬᠤᠷᠢᠶᠠᠯᠠᠯ᠂ ᠰᠠᠶᠢᠬᠠᠨ ᠲᠣᠭᠤᠷᠢᠭ ᠤᠨ ᠷᠦᠨ ᠶᠤᠸᠠᠨ ᠵᠢᠶᠠ ᠶᠤᠸᠠᠨ ᠬᠤᠷᠢᠶᠠᠯᠠᠯ ᠪᠣᠯᠣᠨ ᠴᠢᠦ ᠱᠢ ᠨᠢᠭᠡᠳᠦᠭᠡᠷ ᠬᠤᠲᠠ ᠬᠤᠷᠢᠶᠠᠯᠠᠯ ᠢᠶᠠᠷ ᠰᠤᠷᠪᠤᠯᠵᠢᠯᠠᠵᠤ᠂ ᠬᠤᠷᠢᠶᠠᠯᠠᠯ ᠤᠨ ᠬᠠᠮᠢᠶᠠᠷᠤᠯᠲᠠ᠂ ᠪᠥᠭᠡᠮ ᠬᠦᠴᠢᠯ ᠤᠨ ᠦᠯᠢᠭᠡᠷ ᠠᠪᠬᠤ ᠵᠣᠬᠢᠶᠠᠨ ᠪᠠᠶᠢᠭᠤᠯᠤᠯᠲᠠ᠂ ᠰᠢᠯᠵᠢᠭᠦᠯᠦᠨ ᠵᠥᠭᠡᠭᠡᠪᠦᠷᠢᠯᠡᠵᠦ ᠲᠤᠰᠠᠭᠠᠷᠯᠠᠬᠤ ᠬᠠᠮᠢᠶᠠᠷᠤᠯᠲᠠ ᠡᠵᠡᠮᠳᠡᠯᠲᠡ᠂ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠵᠡᠷᠭᠡ ᠠᠵᠢᠯ ᠤᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠬᠦ ᠳᠡᠭᠡᠨ᠂ ᠲᠣᠳᠣᠯᠠᠭᠰᠠᠨ ᠡᠪᠡᠳᠴᠢᠨ ᠤ ᠵᠢᠱᠢᠶ᠎ᠡ ᠶᠢ ᠰᠢᠯᠵᠢᠭᠦᠯᠦᠨ ᠲᠡᠭᠡᠭᠡᠪᠦᠷᠢᠯᠡᠬᠦ ᠬᠤᠷᠳᠤᠴᠠ ᠶᠢ ᠲᠦᠷᠭᠡᠳᠬᠡᠵᠦ᠂ ᠲᠠᠬᠤᠯ ᠡᠪᠡᠳᠴᠢᠨ ᠤ ᠮᠥᠷᠳᠡᠨ ᠪᠠᠶᠢᠴᠠᠭᠠᠯᠲᠠ ᠶᠢ ᠲᠦᠷᠭᠡᠨ ᠨᠠᠷᠢᠯᠢᠭ ᠣᠨᠣᠪᠴᠢᠲᠠᠢ ᠬᠢᠵᠦ᠂ ᠰᠢᠨᠵᠢᠯᠡᠬᠦ ᠤᠬᠠᠭᠠᠨᠴᠢ ᠪᠠᠷ ᠲᠤᠰᠠᠭᠠᠷᠯᠠᠨ ᠬᠠᠮᠢᠶᠠᠷᠤᠨ ᠡᠵᠡᠮᠳᠡᠵᠦ᠂ ᠣᠶᠢᠷ᠎ᠠ ᠬᠠᠪᠢᠳᠠᠯ ᠤᠨ ᠲᠤᠰᠠᠭᠠᠷᠯᠠᠬᠤ ᠶᠣᠰᠣᠲᠠᠢ ᠶᠢ ᠪᠦᠬᠦᠨ ᠢ ᠲᠤᠰᠠᠭᠠᠷᠯᠠᠵᠤ᠂ ᠠᠶᠤᠯ ᠲᠦᠭᠰᠢᠭᠦᠷᠢᠲᠡᠢ ᠬᠥᠮᠥᠰ ᠢ ᠦᠳᠲᠡᠷ ᠲᠦᠷᠭᠡᠨ ᠪᠠᠶᠢᠴᠠᠭᠠᠨ ᠭᠠᠷᠭᠠᠵᠤ᠂ ᠪᠦᠲᠦᠮᠵᠢᠲᠡᠢ ᠬᠠᠮᠢᠶᠠᠷᠤᠨ ᠡᠵᠡᠮᠳᠡᠵᠦ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ ᠬᠠᠮᠤᠭ ᠤᠨ ᠲᠡᠷᠢᠭᠦᠨ ᠳᠤ ᠲᠠᠰᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠭᠤᠭᠠᠯᠢ ᠠᠷᠠᠳ ᠢ ᠬᠥᠮᠥᠨ ᠣᠯᠠᠨ ᠴᠤᠭᠯᠠᠷᠠᠭᠰᠠᠨ ᠲᠠᠯᠠᠪᠤᠷ ᠲᠤ ᠴᠤᠭᠯᠠᠷᠠᠭᠤᠯᠬᠤ ᠦᠭᠡᠢ ᠪᠠᠶᠢᠬᠤ ᠶᠢ ᠰᠠᠨᠠᠭᠠᠴᠢᠯᠠᠨ᠂ ᠬᠤᠪᠢ ᠬᠥᠮᠥᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠠᠭᠠᠯᠠᠯᠲᠠ ᠶᠢ ᠴᠢᠩᠭᠠᠳᠬᠠᠵᠤ᠂ ᠭᠠᠳᠠᠭᠰᠢ ᠭᠠᠷᠬᠤ ᠳᠠᠭᠠᠨ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ ᠰᠠᠶᠢᠨ ᠳᠠᠳᠬᠠᠯ ᠢ ᠪᠠᠷᠢᠮᠲᠠᠯᠠᠭᠤᠯᠬᠤ ᠬᠡᠷᠡᠭᠲᠡᠢ᠃ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠢᠯᠠᠩᠭᠤᠶ᠎ᠠ ᠣᠨᠴᠠᠭᠠᠢ ᠪᠦᠯᠦᠭ ᠬᠥᠮᠥᠰ ᠤᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠤᠯᠠᠨ ᠲᠦᠮᠡᠨ ᠤ ᠠᠵᠢᠯ ᠢ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠤᠯᠠᠨ ᠲᠦᠮᠡᠨ ᠤ ᠣᠶᠢᠯᠠᠭᠠᠯᠲᠠ ᠳᠡᠮᠵᠢᠯᠭᠡ ᠪᠣᠯᠣᠨ ᠬᠠᠪᠰᠤᠷᠤᠯᠭ᠎ᠠ ᠶᠢ ᠢᠳᠡᠪᠬᠢᠲᠡᠢ ᠲᠡᠮᠡᠴᠡᠨ ᠣᠯᠵᠤ᠂ ᠤᠯᠠᠨ ᠲᠦᠮᠡᠨ ᠢ ᠪᠦᠯᠬᠦᠮᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠳᠡᠪᠬᠢ ᠬᠦᠴᠦᠨ ᠪᠣᠯᠭᠠᠬᠤ ᠬᠡᠷᠡᠭᠲᠡᠢ ᠭᠡᠵᠡᠢ᠃      ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ