ᠪᠣᠣ ᠭᠠᠩ ᠶᠢᠨ ᠲᠣᠬᠢᠷᠠᠭᠤᠯᠤᠯᠲᠠ ᠶᠢᠨ ᠬᠤᠷᠠᠯ ᠡᠷᠬᠢᠯᠡᠨ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/11/11
ᠾᠧ ᠬᠠᠢ ᠳ᠋ᠦᠩ ᠴᠠᠩ ᠫᠧᠢ ᠵᠦᠩ ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 9 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠡᠶᠢᠭᠡᠮ ᠤᠨ ᠥᠩᠭᠡᠨ ᠲᠠᠯ᠎ᠠ ᠶᠢ ᠴᠡᠪᠡᠷᠯᠡᠬᠦ ᠰᠢᠪᠲᠤᠯᠤᠯᠲᠠ ᠶᠢᠨ ᠬᠠᠷᠠᠯᠲᠠ ᠶᠢ ᠪᠠᠷᠢᠮᠲᠠᠯᠠᠵᠤ᠂ ︽ᠲᠦᠷᠭᠡᠨ᠂ ᠣᠨᠣᠪᠴᠢᠲᠠᠢ᠂ ᠰᠢᠯᠤᠭᠤᠨ︾ ᠪᠠᠶᠢᠬᠤ ᠵᠠᠷᠴᠢᠮ ᠶᠣᠰᠣᠭᠠᠷ᠂ ᠬᠠᠪᠲᠠᠭᠠᠢᠢᠵᠢᠭᠰᠠᠨ ᠪᠠᠶᠢᠯᠳᠤᠭᠠᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠭ᠎ᠠ ᠴᠢᠨᠠᠷ ᠢ ᠢᠯᠡᠷᠡᠭᠦᠯᠬᠦ᠂ ᠲᠠᠬᠤᠯ ᠡᠪᠡᠳᠴᠢᠨ ᠤ ᠮᠥᠷᠳᠡᠨ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠨᠠᠷᠵᠢᠭᠤᠯᠵᠤ᠂ ᠠᠵᠢᠯ ᠲᠦᠷᠦᠯ ᠢ ᠬᠠᠮᠢᠶᠠᠷᠬᠤ ᠬᠤᠳᠠ ᠶᠢᠨ ᠤᠳᠤᠷᠢᠳᠤᠯᠭ᠎ᠠ ᠠᠴᠠ ᠰᠢᠭᠤᠳ ᠵᠢᠯᠤᠭᠤᠳᠴᠤ ᠬᠠᠷᠢᠭᠤᠴᠠᠬᠤ ᠬᠡᠷᠡᠭᠲᠡᠢ᠃ ︽ᠰᠢᠯᠵᠢᠭᠦᠯᠬᠦ᠂ ᠲᠤᠰᠠᠭᠠᠷᠯᠠᠬᠤ᠂ ᠬᠦᠯᠢᠶᠡᠨ ᠠᠪᠬᠤ᠂ ᠡᠮᠨᠡᠬᠦ︾ ᠳᠤᠮᠳᠠ ︽ᠲᠦᠷᠭᠡᠨ︾ ᠭᠡᠳᠡᠭ ᠢ ᠢᠯᠡᠷᠡᠭᠦᠯᠵᠦ᠂ ᠡᠳᠦᠷ ᠤᠨ ᠢᠯᠡᠷᠡᠭᠦᠯᠦᠭᠰᠡᠨ ᠢ ᠡᠳᠦᠷ ᠲᠡᠭᠡᠨ ᠰᠢᠢᠳᠪᠦᠷᠢᠯᠡᠵᠦ ᠳᠠᠭᠤᠰᠬᠠᠬᠤ ᠬᠡᠷᠡᠭᠲᠡᠢ᠃ ᠪᠥᠭᠡᠮ ᠬᠦᠴᠢᠯ ᠢ ᠰᠢᠯᠭᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠥᠷᠨᠢᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠢᠯᠡᠷᠡᠭᠦᠯᠪᠡᠯ ᠲᠡᠷᠡ ᠳᠠᠷᠤᠢ ᠳᠤᠨᠢ ᠬᠠᠮᠢᠶᠠᠷᠤᠨ ᠡᠵᠡᠮᠳᠡᠵᠦ᠂ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠬᠤᠷᠢᠭᠯᠠᠨ ᠵᠣᠭᠰᠤᠭᠠᠬᠤ ᠬᠡᠷᠡᠭᠲᠡᠢ᠃ ᠠᠷᠭ᠎ᠠ ᠴᠢᠨᠠᠷ ᠣᠯᠠᠨ ᠭᠠᠷᠳᠠᠭ ᠲᠤᠰᠠᠭᠠᠷᠯᠠᠬᠤ ᠭᠠᠵᠠᠷ᠂ ᠠᠶᠤᠯ ᠲᠦᠭᠰᠢᠭᠦᠷᠢ ᠶᠡᠬᠡᠲᠡᠢ ᠣᠷᠣᠨ ᠪᠣᠯᠣᠨ ᠭᠤᠣᠯᠳᠠᠯᠭ᠎ᠠ ᠲᠠᠢ ᠬᠥᠮᠥᠰ ᠢ ᠪᠣᠭᠤᠮᠲᠠ ᠰᠢᠪᠲᠤᠯᠬᠤ ᠭᠤᠣᠯᠳᠠᠯᠭ᠎ᠠ ᠪᠣᠯᠭᠠᠵᠤ᠂ ᠬᠠᠮᠢᠶᠠᠷᠤᠯᠲᠠ ᠶᠢ ᠴᠢᠩᠭᠠᠳᠬᠠᠨ᠂ ᠳᠤᠲᠠᠭᠳᠠᠯ ᠢ ᠨᠥᠬᠦᠪᠦᠷᠢᠯᠡᠵᠦ᠂ ᠭᠡᠮ ᠰᠣᠭᠤᠭ ᠢ ᠠᠷᠢᠯᠭᠠᠵᠤ᠂ ᠸᠢᠷᠦ᠋ᠰ ᠤᠨ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠬᠤ ᠬᠡᠷᠡᠭᠲᠡᠢ᠃ ᠤᠯᠠᠨ ᠲᠦᠮᠡᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ 12345 ᠬᠠᠯᠠᠮᠰᠢᠯ ᠤᠲᠠᠰᠤ ᠶᠢ ᠰᠠᠶᠢᠲᠤᠷ ᠬᠡᠷᠡᠭᠯᠡᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠣᠨᠣᠰᠴᠤ᠂ ᠤᠯᠠᠨ ᠲᠦᠮᠡᠨ ᠤ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠠᠶᠢᠷ᠎ᠠ ᠰᠡᠳᠬᠢᠯᠭᠡ  ᠲᠠᠢ ᠬᠠᠷᠢᠭᠤᠴᠠᠯᠭ᠎ᠠ ᠲᠠᠢ ᠪᠠᠷ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠥᠮᠥᠰ ᠪᠠ ᠣᠷᠣᠯᠭ᠎ᠠ ᠳᠣᠣᠷ᠎ᠠ ᠬᠥᠮᠥᠰ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠡᠭᠡᠯᠢ ᠶᠢᠨ ᠬᠠᠵᠠᠭᠤ ᠶᠢᠨ ᠨᠡᠭᠡᠭᠡᠭᠰᠡᠨ ᠬᠤᠳᠠᠯᠳᠤᠭᠠᠨ ᠤ ᠬᠡᠲᠦ ᠳᠡᠯᠭᠡᠭᠦᠷ᠂ ᠳᠡᠯᠭᠡᠭᠦᠷ ᠫᠦᠰᠡ ᠪᠣᠯᠣᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶᠠᠷᠬᠤ ᠦᠭᠡᠢ ᠬᠠᠶᠠᠵᠤ ᠪᠣᠯᠬᠤ ᠦᠭᠡᠢ᠂ ᠡᠷᠬᠡᠪᠰᠢ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ ᠥᠩᠭᠡᠨ ᠲᠠᠯ᠎ᠠ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠢᠯᠡᠴᠢᠯᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ ᠡᠳ᠋ ᠪᠠᠷᠠᠭᠠᠨ ᠤ ᠦᠨ᠎ᠡ ᠬᠠᠩᠰᠢ ᠲᠣᠭᠲᠠᠭᠤᠨ᠂ ᠶᠠᠰᠤ ᠴᠢᠨᠠᠷ ᠤᠨ ᠠᠶᠤᠯᠭᠦᠢ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠧᠢ ᠵᠦᠩ᠂ ᠼᠤᠤ ᠰᠧ ᠶᠠᠩ ᠨᠠᠷ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ