| | | ᠰᠢᠨᠬᠤᠸᠠ ᠬᠤᠷᠢᠶᠠᠨ ᠤ ᠫᠨᠣᠮ ᠪᠧᠩ ᠤᠨ 11 ᠳ᠋ᠦ᠋ᠭᠡᠷ ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ | ᠰᠠᠷ᠎ᠠ ᠶᠢᠨ 8 ᠤ ᠡᠳᠦᠷ ᠤᠨ ᠣᠷᠣᠢ᠂ ᠺᠠᠮᠪᠤᠵᠠ ᠸᠠᠩᠲᠤ ᠤᠯᠤᠰ ᠤᠨ ᠲᠡᠷᠢᠭᠦᠨ ᠰᠠᠶᠢᠳ ᠾᠦᠨᠰᠧᠨ ᠤ ᠤᠷᠢᠯᠭ᠎ᠠ ᠪᠠᠷ᠂ ᠲᠦᠷᠦ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠺᠧ ᠴᠢᠶᠠᠩ ᠲᠤᠰᠬᠠᠢ ᠨᠢᠰᠬᠡᠯ ᠢᠶᠠᠷ ᠫᠨᠣᠮ ᠪᠧᠩ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠵᠡᠭᠦᠨ ᠠᠽᠢᠶ᠎ᠠ ᠶᠢᠨ | ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠪᠡ᠃ | ᠶᠡᠷᠦᠩᠬᠡᠢ ᠰᠠᠶᠢᠳ ᠯᠢ ᠺᠧ ᠴᠢᠶᠠᠩ ᠤᠨ ᠬᠠᠳᠤᠨ ᠴᠧᠩ ᠬᠤᠩ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ | ᠪᠢᠴᠢᠭ ᠤᠨ ᠳᠠᠷᠤᠭ᠎ᠠ ᠰᠢᠶᠣᠣ ᠵᠢᠶᠧ ᠵᠡᠷᠭᠡ ᠪᠠᠷ᠎ᠠ ᠪᠣᠯᠣᠭᠰᠠᠳ ᠬᠠᠮᠲᠤ ᠪᠠᠶᠢᠯᠴᠠᠵᠠᠢ᠃ | ᠺᠠᠮᠪᠤᠵᠠ ᠶᠢᠨ ᠳᠡᠳ᠋ ᠲᠡᠷᠢᠭᠦᠨ ᠰᠠᠶᠢᠳ ᠡᠾᠥ᠋ᠷᠨᠠᠮᠾᠤᠩ ᠵᠠᠰᠠᠭ ᠤᠨ ᠣᠷᠳᠣᠨ ᠤ ᠳᠡᠭᠡᠳᠦ ᠵᠡᠷᠭᠡ ᠶᠢᠨ ᠲᠤᠰᠢᠶᠠᠯᠲᠠᠳ ᠢᠶᠠᠨ ᠳᠠᠭᠠᠭᠤᠯᠤᠨ ᠨᠢᠰᠬᠡᠯ ᠤᠨ | ᠪᠠᠭᠤᠳᠠᠯ ᠳᠤ ᠬᠦᠷᠴᠦ ᠤᠭᠲᠤᠪᠠ᠃ ᠶᠣᠰᠣᠯᠠᠯ ᠤᠨ ᠴᠡᠷᠢᠭ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠮᠥᠷᠯᠡᠨ ᠶᠣᠰᠣᠯᠠᠪᠠ᠃ ᠲᠤᠬᠠᠢ ᠶᠢᠨ ᠭᠠᠵᠠᠷ ᠤᠨ | ᠵᠠᠯᠠᠭᠤᠴᠤᠳ ᠯᠢ ᠺᠧ ᠴᠢᠶᠠᠩ ᠪᠣᠯᠣᠨ ᠲᠡᠭᠦᠨ ᠤ ᠬᠠᠳᠤᠨ ᠴᠧᠩ ᠬᠤᠩ ᠳᠤ ᠰᠣᠷᠭᠤᠭ ᠴᠡᠴᠡᠭ ᠬᠦᠷᠭᠡᠪᠡ᠃ ᠺᠠᠮᠪᠤᠵᠠ ᠳᠤ ᠰᠠᠭᠤᠭ᠎ᠠ ᠳᠤᠮᠳᠠᠳᠤ ᠤᠯᠤᠰ ᠤᠨ | ᠡᠯᠴᠢᠨ ᠰᠠᠶᠢᠳ ᠸᠠᠩ ᠸᠧᠨ ᠲᠢᠶᠠᠨ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠡᠯᠴᠢᠨ ᠰᠠᠶᠢᠳ ᠳ᠋ᠧᠩ ᠰᠢ ᠵᠢᠶᠦ᠋ᠨ | ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠪᠦᠬᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠮᠥᠨ᠃ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ | ᠨᠠᠷᠢᠨ ᠪᠤᠳᠤᠯᠢᠶᠠᠨᠲᠠᠢ ᠪᠥᠭᠡᠳ ᠭᠦᠨᠵᠡᠭᠡᠢ ᠤᠯᠠᠷᠢᠨ ᠬᠤᠪᠢᠰᠴᠤ᠂ ᠡᠯ᠎ᠡ ᠵᠦᠢᠯ ᠤᠨ ᠲᠣᠭᠲᠠᠪᠤᠷᠢ ᠦᠭᠡᠢ ᠮᠥᠷᠲᠡᠭᠡᠨ ᠲᠣᠭᠲᠠᠭᠤᠨ ᠪᠤᠰᠤ ᠬᠦᠴᠦᠨ ᠵᠦᠢᠯ | ᠣᠯᠠᠰᠢᠷᠠᠵᠤ᠂ ᠪᠦᠬᠦ ᠪᠥᠮᠪᠥᠷᠴᠡᠭ ᠤᠨ ᠬᠥᠭᠵᠢᠯᠲᠡ ᠤᠷᠢᠳᠤ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠶᠢᠨ | ᠲᠠᠯ᠎ᠠ ᠶᠢᠨ ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠤᠨ ᠬᠥᠭᠵᠢᠯᠲᠡ ᠪᠠ ᠬᠠᠮᠲᠤᠷᠠᠯᠴᠠᠭ᠎ᠠ ᠳᠤ ᠤᠯᠠᠨ ᠲᠠᠯᠠᠲᠤ | ᠦᠵᠡᠯ ᠪᠠ ᠴᠢᠯᠦᠭᠡᠲᠦ ᠠᠷᠠᠯᠵᠢᠶ᠎ᠠ ᠶᠢ ᠪᠠᠷᠢᠮᠲᠠᠯᠠᠵᠤ᠂ ᠨᠡᠭᠡᠭᠡᠯᠲᠡ ᠲᠠᠢ ᠪᠠᠷ ᠬᠠᠮᠲᠤᠷᠠᠯᠴᠠᠬᠤ ᠪᠠ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ ᠶᠢ | ᠪᠠᠷᠢᠮᠲᠠᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ | ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠭᠠᠷ ᠢᠶᠠᠨ ᠬᠤᠯᠪᠣᠯᠴᠠᠨ ᠠᠷᠭᠠᠴᠠᠭᠠᠵᠤ᠂ ᠣᠷᠣᠨ ᠪᠦᠰᠡ ᠶᠢᠨ ᠠᠵᠤ | ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠬᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠠᠮᠤᠷ ᠲᠣᠭᠲᠠᠭᠤᠨ ᠪᠠᠶᠢᠳᠠᠯ ᠪᠠ ᠬᠥᠭᠵᠢᠯ ᠴᠡᠴᠡᠭᠯᠡᠯ ᠢ | ᠬᠠᠮᠠᠭᠠᠯᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠬᠦᠰᠡᠨ ᠡᠷᠡᠮᠡᠯᠵᠡᠵᠦ ᠪᠠᠶᠢᠨ᠎ᠠ ᠭᠡᠵᠡᠢ᠃ | ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠺᠠᠮᠪᠤᠵᠠ ᠪᠤᠯ ᠬᠥᠷᠰᠢ ᠵᠡᠷᠭᠡᠯᠡᠳᠡᠭᠡ ᠤᠯᠤᠰ ᠪᠠᠶᠢᠵᠤ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠪᠠ᠃ ᠳᠤᠮᠳᠠᠳᠤ ᠶᠢᠨ ᠲᠠᠯ᠎ᠠ ᠶᠢᠨ ᠬᠢᠨ ᠲᠤᠰ ᠤᠳᠠᠭ᠎ᠠ ᠶᠢᠨ | ᠠᠶᠢᠯᠴᠢᠯᠠᠯᠲᠠ ᠪᠠᠷ ᠳᠠᠮᠵᠢᠭᠤᠯᠤᠨ ᠺᠠᠮᠪᠤᠵᠠ ᠶᠢᠨ ᠲᠠᠯ᠎ᠠ ᠶᠢᠨ ᠬᠢᠨ ᠲᠠᠢ ᠪᠦᠯᠬᠦᠮᠳᠡᠯ ᠨᠥᠬᠦᠷᠯᠡᠯ ᠢᠶᠠᠨ ᠬᠠᠮᠲᠤ ᠪᠠᠷ ᠶᠠᠷᠢᠯᠴᠠᠵᠤ᠂ ᠬᠠᠮᠲᠤᠷᠠᠯᠴᠠᠭᠠᠨ ᠤ ᠶᠡᠭᠡ | ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ᠂ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠨᠡᠩ ᠶᠡᠭᠡ ᠪᠤᠶᠠᠨ ᠦᠢᠯᠡᠳᠬᠦ ᠶᠢ ᠬᠦᠰᠡᠵᠦ ᠪᠠᠶᠢᠨ᠎ᠠ | ᠭᠡᠵᠡᠢ᠃ | ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠤᠯᠴᠠᠬᠤ ᠬᠤᠭᠤᠴᠠᠭᠠᠨ ᠳᠤ᠂ ᠯᠢ ᠺᠧ ᠴᠢᠶᠠᠩ 25 ᠳ᠋ᠤᠭᠠᠷ | ᠤᠳᠠᠭ᠎ᠠ ᠶᠢᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ︵10 + 1︶ ᠤᠳᠤᠷᠢᠳᠬᠤ ᠬᠥᠮᠥᠰ ᠤᠨ ᠬᠤᠷᠠᠯ᠂ 25 | ᠳ᠋ᠤᠭᠠᠷ ᠤᠳᠠᠭ᠎ᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ ᠶᠢᠨ ︵10 + 3︶ ᠤᠳᠤᠷᠢᠳᠬᠤ | ᠬᠥᠮᠥᠰ ᠤᠨ ᠬᠤᠷᠠᠯ ᠪᠣᠯᠣᠨ 17 ᠳ᠋ᠤᠭᠠᠷ ᠬᠤᠭᠤᠴᠠᠭᠠᠨ ᠤ ᠵᠡᠭᠦᠨ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠪᠣᠯᠣᠨ᠎ᠠ᠃ | | ᠺᠠᠮᠪᠤᠵᠠ ᠳᠤ ᠠᠶᠢᠯᠴᠢᠯᠠᠬᠤ ᠬᠤᠭᠤᠴᠠᠭᠠᠨ ᠳᠤ ᠪᠠᠨ᠂ ᠯᠢ ᠺᠧ ᠴᠢᠶᠠᠩ ᠤᠯᠤᠰ ᠤᠨ ᠸᠠᠩ ᠰᠢᠾᠠᠮᠦ᠋ᠨᠢ ᠲᠠᠢ ᠠᠭᠤᠯᠵᠠᠨ᠂ ᠲᠡᠷᠢᠭᠦᠨ ᠰᠠᠶᠢᠳ | ᠾᠦᠨᠰᠧᠨ ᠲᠠᠢ ᠬᠡᠯᠡᠯᠴᠡᠭᠡ ᠬᠢᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠦ᠂ | ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ᠂ ᠳᠤᠮᠳᠠᠳᠤ ᠤᠯᠤᠰ ᠤᠨ ᠺᠠᠮᠪᠤᠵᠠ ᠶᠢ ᠲᠤᠰᠠᠯᠠᠭᠰᠠᠨ | ᠤᠩᠭᠤ᠋ ᠶᠢᠨ ᠡᠷᠲᠡᠨ ᠤ ᠳ᠋ᠡᠭᠧᠤ᠋ ᠰᠦᠮ᠎ᠡ ᠶᠢ ᠰᠡᠯᠪᠢᠨ ᠵᠠᠰᠠᠬᠤ ᠲᠦᠷᠦᠯ ᠵᠦᠢᠯ ᠤᠨ ᠪᠣᠳᠠᠲᠤ ᠴᠣᠭᠴᠠ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯᠯᠠᠭ᠎ᠠ ᠳᠤ | ᠣᠷᠣᠯᠴᠠᠨ᠎ᠠ᠃ |