ᠬᠤᠷᠢᠨᠭᠡᠷ ᠰᠢᠶᠠᠨ᠄ ᠵᠠᠬ᠎ᠠ ᠳᠡᠯᠭᠡᠭᠦᠷ ᠢ ᠡᠮᠬᠢ ᠵᠢᠷᠤᠮ ᠲᠠᠢ ᠪᠠᠷ ᠲᠠᠯᠪᠢᠵᠤ ᠰᠡᠷᠭᠡᠶᠢᠯᠡᠨ ᠡᠵᠡᠮᠳᠡᠬᠦ ᠡᠷᠴᠢᠮ ᠢ ᠰᠤᠯᠠᠷᠠᠭᠤᠯᠬᠤ ᠥᠬᠡᠶ
ᠨᠡᠶᠢᠲᠡᠯᠡᠭᠰᠡᠨ ᠴᠠᠭ᠄
2022/11/12
      ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠵᠣᠷᠢᠭ ᠰᠠᠨᠠᠭᠠᠨ ᠤ ᠱᠠᠭᠠᠷᠳᠠᠯᠭ᠎ᠠ ᠪᠠ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠯᠪᠣᠭᠳᠠᠯ ᠪᠦᠬᠦᠢ ᠵᠠᠷᠯᠠᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠪᠠᠲᠤᠯᠠᠨ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ᠂ ᠡᠮᠬᠢ ᠵᠢᠷᠤᠮ ᠲᠠᠢ ᠴᠢᠯᠥᠭᠡᠲᠡᠶ ᠲᠠᠯᠪᠢᠬᠤ᠂ ᠪᠦᠲᠦᠮᠵᠢᠲᠡᠶ ᠬᠠᠮᠢᠶᠠᠷᠤᠨ ᠡᠵᠡᠮᠳᠡᠬᠦ᠂ ᠠᠯᠬᠤᠮ ᠬᠤᠪᠢᠶᠠᠨ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ︽ᠴᠢᠩᠭ᠎ᠠ ᠰᠡᠷᠭᠡᠶᠢᠯᠡᠬᠦ᠂ ᠴᠢᠩᠭ᠎ᠠ ᠪᠠᠲᠤᠯᠠᠬᠤ︾ ᠠᠵᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠡᠵᠡᠩᠨᠡᠯᠲᠡ ᠶᠢᠨ ᠡᠷᠦᠬᠡ ᠶᠢᠨ ᠠᠵᠢᠯ ᠢᠶᠠᠨ ᠰᠡᠷᠭᠦᠭᠡᠬᠦ ᠡᠵᠡᠩᠨᠡᠯᠲᠡ ᠶᠢ ᠡᠮᠬᠢ ᠵᠢᠷᠤᠮ ᠲᠠᠢ ᠪᠦᠲᠦᠮᠵᠢᠲᠡᠶ ᠳᠥᠯᠭᠢᠨ ᠠᠬᠢᠭᠤᠯᠪᠠ᠃      ᠲᠡᠭᠦᠨ ᠤ ᠡᠮᠬᠢ ᠵᠢᠷᠤᠮ ᠲᠠᠢ ᠨᠡᠭᠡᠭᠡᠯᠳᠡ ᠶᠢ ᠵᠢᠷᠤᠮᠵᠢᠭᠤᠯᠬᠤ ᠶᠢᠨ ᠲᠤᠰᠠᠳᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠤᠯᠠᠨ ᠤ ᠡᠳᠦᠷ ᠳᠤᠳᠤᠮ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ 11 ᠰᠠᠷ᠎ᠠ ᠶᠢᠨ 10 ᠤ ᠡᠳᠦᠷ ᠪᠣᠯᠲᠠᠯ᠎ᠠ᠂ ᠮᠠᠨ ᠤ ᠰᠢᠶᠠᠨ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠵᠡᠩᠨᠡᠯᠲᠡ ᠶᠢᠨ ᠡᠷᠦᠬᠡ ᠨᠡᠶᠢᠲᠡ 421 ᠪᠠᠶᠢᠵᠤ᠂ ᠣᠳᠣᠬᠠᠨ ᠳᠤ ᠨᠡᠭᠡᠭᠡᠯᠲᠡᠲᠡᠶ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠭᠤᠤᠯᠳᠠᠭᠤ ᠬᠡᠲᠦ ᠳᠡᠯᠭᠡᠭᠦᠷ᠂ ᠡᠮ ᠤᠨ ᠳᠡᠯᠭᠡᠭᠦᠷ᠂ ᠲᠥᠬᠦᠮ ᠳᠡᠯᠭᠡᠭᠦᠷ᠂ ᠲᠦᠭᠦᠬᠡᠶ ᠡᠳ᠋ ᠤᠨ ᠳᠡᠯᠭᠡᠭᠦᠷ᠂ ᠠᠮᠤ ᠲᠣᠰᠣᠨ ᠤ ᠳᠡᠯᠭᠡᠭᠦᠷ᠂  ᠬᠤᠯᠢᠰᠢᠨ ᠢᠳᠡᠭᠡᠨ ᠤ ᠳᠡᠯᠭᠡᠭᠦᠷ᠂ ᠬᠥᠯᠳᠡᠭᠡᠭᠰᠡᠨ ᠢᠳᠡᠭᠡᠨ ᠤ ᠳᠡᠯᠭᠡᠭᠦᠷ᠂ ᠲᠡᠮᠦᠷᠯᠢᠭ ᠤᠨ ᠳᠡᠯᠭᠡᠭᠦᠷ ᠵᠡᠷᠭᠡ ᠪᠣᠶ᠃      ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠩᠭ᠎ᠠ ᠰᠡᠷᠭᠡᠶᠢᠯᠡᠨ ᠴᠢᠩᠭ᠎ᠠ ᠬᠢᠵᠠᠭᠠᠷᠯᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠲᠤ ᠰᠠᠬᠢᠵᠤ᠂ ᠬᠡᠷ ᠲᠤᠨᠢ ᠬᠦᠷᠴᠦ ᠦᠢᠯᠡᠴᠢᠯᠡᠬᠦ ᠪᠠ ᠪᠠᠶᠢᠴᠠᠭᠠᠨ ᠵᠢᠯᠣᠭᠤᠳᠬᠤ ᠪᠠᠷ ᠳᠡᠮᠵᠢᠨ᠂ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠬᠡᠷᠡᠭᠯᠡᠭᠴᠢᠳ ᠢ ᠡᠷᠬᠡᠪᠰᠢ ᠠᠮᠠᠪᠴᠢ ᠵᠡᠭᠦᠬᠦ᠂ ᠲᠠᠯᠠᠪᠤᠷ ᠭᠠᠵᠠᠷ ᠤᠨ ᠺᠣᠳ᠋ ᠰᠢᠷᠪᠢᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠵᠢᠴᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ︽ᠨᠣᠭᠤᠭᠠᠨ ᠺᠣᠳ᠋︾ ᠢ ᠪᠠᠶᠢᠴᠠᠭᠠᠨ ᠰᠢᠯᠭᠠᠬᠤ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ︽ᠬᠥᠮᠦᠨ ᠳᠡᠯᠭᠡᠭᠦᠷ ᠲᠤ ᠣᠷᠣᠵᠤ ᠪᠣᠯᠬᠤ ᠥᠬᠡᠶ︾ ᠳᠡᠯᠭᠡᠭᠦᠷ ᠤᠨ ᠭᠠᠳᠠᠨ᠎ᠠ ᠺᠣᠳ᠋ ᠰᠢᠷᠪᠢᠵᠦ ᠺᠣᠳ᠋ ᠰᠢᠯᠭᠠᠬᠤ᠂ ᠨᠢᠭᠡ ᠮᠧᠲᠷ ᠤᠨ ᠱᠤᠭᠤᠮ ᠢᠶᠠᠷ ᠮᠥᠷᠯᠡᠨ ᠬᠦᠯᠢᠶᠡᠵᠦ ᠴᠤᠭᠯᠠᠷᠠᠬᠤ ᠠᠴᠠ ᠵᠠᠶᠢᠯᠠᠰᠬᠢᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠵᠡᠩᠨᠡᠯᠲᠡ ᠶᠢᠨ ᠡᠷᠦᠬᠡ ᠨᠢ ᠡᠵᠡᠩᠨᠡᠯᠲᠡ ᠶᠢᠨ ᠲᠠᠯᠠᠪᠤᠷ ᠤᠨ ᠡᠳᠦᠷ ᠪᠦᠷᠢ ᠶᠢᠨ ᠠᠷᠢᠭᠤᠳᠬᠠᠬᠤ᠂ ᠨᠢᠭᠡ ᠮᠧᠲᠷ ᠤᠨ ᠱᠤᠭᠤᠮ ᠤᠨ ᠤᠷᠤᠰᠬᠠᠯ ᠢ ᠬᠢᠵᠠᠭᠠᠷᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠠᠵᠢᠯ ᠤᠨ ᠪᠠᠶᠢᠷᠢ ᠳᠤ ᠭᠠᠷᠬᠤ ᠬᠤᠭᠤᠴᠠᠭᠠᠨ ᠳᠠᠭᠠᠨ N95 ᠠᠮᠠᠪᠴᠢ ᠵᠡᠭᠦᠵᠦ᠂ ᠪᠡᠭᠡᠯᠡᠶ ᠵᠡᠭᠦᠵᠦ᠂ ᠪᠠᠭᠤᠳᠠᠯ ᠳᠤ ᠰᠠᠭᠤᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠡᠳᠦᠷ ᠪᠦᠷᠢ ᠲᠣᠭᠲᠠᠭᠰᠠᠨ ᠴᠠᠭ ᠲᠠᠭᠠᠨ ᠲᠠᠩ ᠬᠤᠭᠤᠯᠠᠶ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠨ᠎ᠠ᠃      ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠬᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢ ᠱᠠᠯᠠᠪᠳᠠᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨᠬᠦ ᠰᠠᠶᠢᠲᠤᠷ ᠰᠠᠬᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ