ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 776.58 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠶᠢ ᠪᠠᠴᠢᠮ ᠪᠠᠭᠤᠯᠭᠠᠪᠠ
ᠨᠡᠶᠢᠲᠡᠯᠡᠭᠰᠡᠨ ᠴᠠᠭ᠄
2022/11/12
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠾᠧ ᠯᠦ︶ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2022 ᠣᠨ ᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠠᠷᠠᠯᠵᠢᠶᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ 776.58 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠶᠢ ᠪᠠᠴᠢᠮ ᠪᠠᠭᠤᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠤᠰᠬᠠᠢ ᠬᠡᠷᠡᠭᠯᠡᠭᠦᠯᠵᠦ᠂ ᠮᠠᠨ ᠤ ᠬᠤᠲᠠ ᠶᠢᠨ ᠴᠢᠬᠤᠯᠠ ᠬᠡᠷᠡᠭᠴᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ ᠪᠠᠲᠤᠯᠠᠬᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠰᠢᠯᠵᠢᠭᠦᠯᠦᠨ ᠲᠡᠭᠡᠭᠡᠪᠦᠷᠢᠯᠡᠬᠦ᠂ ᠪᠠᠷᠠᠭᠠᠨ ᠤ ᠢᠷᠡᠯᠲᠡ ᠶᠢ ᠵᠣᠬᠢᠶᠠᠨ ᠪᠠᠶᠢᠭᠤᠯᠬᠤ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠵᠡᠷᠭᠡ ᠲᠠᠯ᠎ᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠳᠡᠮᠵᠢᠪᠡ᠃      ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠲᠦᠷᠭᠡᠨ ᠪᠠᠳᠠᠷᠠᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠲᠠᠰᠤᠭ ᠨᠢᠭᠡᠳᠦᠨ ᠬᠠᠮᠵᠢᠯᠴᠠᠵᠤ᠂ ᠠᠵᠢᠯ ᠤᠨ ᠶᠠᠪᠤᠴᠠ ᠶᠢ ᠳᠥᠭᠦᠮᠴᠢᠯᠡᠵᠦ᠂ ᠠᠵᠢᠯ ᠤᠨ ᠬᠦᠴᠢᠷᠳᠡᠯ ᠢ ᠢᠯᠠᠨ ᠳᠠᠪᠠᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠨᠢᠭᠡᠳᠦᠭᠡᠷ ᠪᠦᠯᠦᠭ ᠤᠨ 342 ᠲᠦᠮᠡᠨ ᠲᠥᠭᠦᠷᠢᠭ ᠤᠨ ᠪᠡᠯᠡ ᠮᠥᠩᠭᠦ ᠶᠢ ᠮᠠᠨ ᠤ ᠬᠤᠲᠠ ᠶᠢᠨ ᠲᠣᠮᠣ ᠬᠡᠯᠪᠡᠷᠢ ᠶᠢᠨ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶ᠎ᠡ ᠬᠡᠲᠦ ᠳᠡᠯᠭᠡᠭᠦᠷ ︵ᠲᠦᠭᠦᠬᠡᠢ ᠡᠳ᠋ ᠤᠨ ᠵᠠᠬ᠎ᠠ ᠳᠡᠯᠭᠡᠭᠦᠷ︶᠂ ᠡᠯᠧᠺᠲᠷᠣᠨ ᠬᠤᠳᠠᠯᠳᠤᠭᠠᠨ ᠤ ᠲᠠᠪᠴᠠᠩ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ ᠳᠤ ᠴᠠᠭ ᠲᠤᠬᠠᠢ ᠳᠤᠨᠢ ᠰᠢᠯᠵᠢᠭᠦᠯᠦᠨ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠪᠥᠬᠦ ᠬᠤᠲᠠ ᠶᠢᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠦᠨᠡᠨ ᠬᠦ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠨᠢᠭᠡᠳᠦᠨ ᠬᠠᠮᠵᠢᠯᠴᠠᠵᠤ᠂ ᠪᠡᠯᠡ ᠮᠥᠩᠭᠦ ᠰᠢᠯᠵᠢᠭᠦᠯᠦᠨ ᠥᠭᠬᠦ ᠶᠢ ᠤᠯᠠᠮ ᠨᠢᠭᠡ ᠠᠯᠬᠤᠮ ᠲᠦᠷᠭᠡᠳᠬᠡᠵᠦ᠂ ᠰᠢᠯᠵᠢᠭᠦᠯᠦᠨ ᠥᠭᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠡᠯᠡ ᠮᠥᠩᠭᠦ ᠶᠢ ᠦᠨᠡᠨᠬᠦ ᠴᠠᠭ ᠲᠤᠬᠠᠢ ᠳᠤᠨᠢ ᠪᠣᠳᠠᠲᠠᠶᠢᠵᠢᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠬᠢᠬᠦ ᠶᠢ ᠬᠦᠴᠦᠲᠡᠢ ᠳᠡᠮᠵᠢᠵᠦ᠂ ᠠᠷᠠᠳ ᠣᠯᠠᠨ ᠤ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ