ᠬᠤᠲᠠ ᠶᠢᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/12
ᠪᠣᠣ ᠭᠠᠩ ᠡᠷᠬᠢᠯᠡᠵᠦ  ᠾᠧ ᠬᠠᠢ ᠳ᠋ᠦᠩ ᠴᠠᠩ ᠫᠧᠢ ᠵᠦᠩ ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 10 ᠤ ᠣᠷᠣᠢ᠂ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠬᠢᠵᠢᠭ ᠢ ᠡᠰᠡᠷᠭᠦᠴᠡᠬᠦ ᠲᠡᠮᠡᠴᠡᠯ ᠤᠨ ᠪᠤᠳᠤᠯᠢᠶᠠᠨᠲᠤ ᠴᠢᠨᠠᠷ᠂ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ ᠢ ᠭᠦᠢᠴᠡᠳ ᠲᠠᠨᠢᠬᠤ ᠬᠡᠷᠡᠭᠲᠡᠢ᠃ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ︽ᠲᠦᠷᠭᠡᠨ ᠰᠢᠯᠭᠠᠬᠤ︾ ︽ᠲᠦᠷᠭᠡᠨ ᠰᠢᠯᠵᠢᠭᠦᠯᠬᠦ︾ ︽ᠲᠦᠷᠭᠡᠨ ᠲᠤᠰᠠᠭᠠᠷᠯᠠᠬᠤ︾ ︽ᠴᠢᠩᠭ᠎ᠠ ᠬᠠᠮᠢᠶᠠᠷᠬᠤ︾ ︽ᠭᠤᠷᠪᠠᠨ ᠲᠦᠷᠭᠡᠨ ᠨᠢᠭᠡ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠴᠤᠭᠯᠠᠭᠤᠯᠬᠤ᠂ ᠬᠦᠷᠭᠡᠬᠦ᠂ ᠰᠢᠯᠭᠠᠬᠤ᠂ ᠮᠡᠳᠡᠭᠦᠯᠬᠦ᠂ ᠮᠡᠳᠡᠭᠡ᠂ ᠬᠠᠮᠢᠶᠠᠷᠬᠤ︾ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠰᠢᠭᠯᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠰᠢᠯᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠠᠮᠵᠢᠯᠴᠠᠨ ᠪᠠᠶᠢᠯᠳᠤᠬᠤ ᠬᠠᠪᠲᠠᠭᠠᠢᠢᠵᠢᠭᠰᠠᠠ ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠲᠦᠷᠭᠡᠨ ᠰᠢᠯᠵᠢᠭᠦᠯᠵᠦ ᠲᠦᠷᠭᠡᠨ ᠬᠦᠯᠢᠶᠡᠨ ᠠᠪᠴᠤ ᠲᠦᠷᠭᠡᠨ ᠡᠮᠨᠡᠵᠦ᠂ ᠠᠷᠭ᠎ᠠ ᠪᠦᠬᠦᠨ ᠢ ᠰᠦᠪᠡᠭᠴᠢᠯᠡᠨ ᠲᠤᠰᠠᠭᠠᠷᠯᠠᠬᠤ ᠡᠬᠢ ᠪᠠᠶᠠᠯᠢᠭ ᠢ ᠠᠭᠤᠳᠠᠯᠵᠤ᠂ ᠣᠶᠢᠷ᠎ᠠ ᠬᠠᠪᠢᠳᠠᠯ ᠤᠨ ᠲᠤᠰᠠᠭᠠᠷᠯᠠᠬᠤ ᠶᠣᠰᠣᠲᠠᠢ ᠶᠢ ᠪᠦᠬᠦᠨ ᠢ ᠲᠦᠷᠭᠡᠨ ᠲᠤᠰᠠᠭᠠᠷᠯᠠᠬᠤ ᠬᠡᠷᠡᠭᠲᠡᠢ᠃ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠷᠢᠨ ᠬᠢᠨᠠᠮᠠᠭᠠᠢ ᠲᠦᠷᠦᠯ ᠬᠤᠪᠢᠶᠠᠨ ᠬᠠᠮᠢᠶᠠᠷᠤᠨ ᠡᠵᠡᠮᠳᠡᠵᠦ᠂ ᠨᠡᠶᠢᠭᠡᠮ ᠲᠣᠭᠤᠷᠢᠭ ᠤᠨ ᠬᠠᠯᠳᠠᠪᠤᠷᠢᠯᠠᠯ ᠢ ᠦᠨᠡᠨᠬᠦ ᠲᠠᠰᠤᠯᠬᠤ ᠬᠡᠷᠡᠭᠲᠡᠢ᠃ ᠡᠵᠡᠩᠨᠡᠯᠲᠡ ᠪᠠᠨ ᠰᠡᠷᠭᠦᠭᠡᠭᠰᠡᠨ ︽ᠨᠢᠭᠡ ᠬᠡᠲᠦ ᠲᠠᠪᠤᠨ ᠳᠡᠯᠭᠡᠭᠦᠷ︾ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠭᠴᠢᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠺᠣᠳ᠋ ᠰᠢᠷᠪᠢᠬᠦ᠂ ᠪᠥᠭᠡᠮᠨᠡᠷᠡᠬᠦ ᠦᠭᠡᠢ᠂ ᠬᠦᠷᠦᠯᠴᠡᠬᠦ ᠦᠭᠡᠢ ᠪᠠᠷ ᠪᠠᠷᠠᠭ᠎ᠠ ᠬᠤᠳᠠᠯᠳᠤᠨ ᠠᠪᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠡᠶᠢᠭᠡᠮ ᠤᠨ ᠥᠩᠭᠡᠨ ᠲᠠᠯ᠎ᠠ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠳᠠᠬᠢ ᠬᠥᠮᠥᠰ ᠢ ᠬᠠᠯᠠᠮᠵᠢᠯᠠᠨ ᠬᠠᠶᠢᠷᠠᠯᠠᠵᠤ᠂ ᠬᠦᠢᠲᠡᠨ ᠠᠴᠠ ᠰᠡᠷᠭᠡᠶᠢᠯᠡᠨ ᠳᠤᠯᠠᠭᠠᠨ ᠢ ᠬᠠᠮᠠᠭᠠᠯᠠᠬᠤ᠂ ᠵᠢᠵᠢᠭᠦᠷᠯᠡᠨ ᠰᠠᠬᠢᠬᠤ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠳᠠ ᠶᠢᠨ ᠤᠳᠤᠷᠢᠳᠤᠯᠭ᠎ᠠ ᠾᠧ ᠬᠠᠢ ᠳ᠋ᠦᠩ᠂ ᠴᠠᠩ ᠫᠧᠢ ᠵᠦᠩ᠂ ᠼᠤᠤ ᠰᠧ ᠶᠠᠩ ᠨᠠᠷ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ