ᠭᠦᠭᠡᠬᠤᠲᠠ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠲᠠᠢ ᠪᠠᠷᠢᠮᠵᠢᠶᠠᠵᠢᠭᠤᠯᠤᠨ ᠬᠠᠷᠭᠤᠭᠤᠯᠵᠤ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/11/13
      11 ᠰᠠᠷ᠎ᠠ ᠶᠢᠨ 12 ᠤᠨ ᠡᠳᠦᠷ᠂ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵72 ᠳ᠋ᠤᠭᠠᠷ ᠲᠠᠯᠠᠪᠠᠢ︶ ᠳᠡᠭᠡᠷ᠎ᠡ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠱᠧᠦ ᠵᠢᠢ 11 ᠰᠠᠷ᠎ᠠ ᠶᠢᠨ 11 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠲᠤᠰᠠᠭᠠᠷᠯᠠᠵᠤ ᠰᠢᠯᠵᠢᠭᠦᠯᠦᠨ ᠵᠥᠭᠡᠭᠡᠪᠦᠷᠢᠯᠡᠬᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠬᠥᠮᠥᠰ ᠤᠨ ᠰᠢᠯᠵᠢᠯᠲᠡ᠂ ᠡᠮᠴᠢᠯᠡᠭᠡᠨ ᠤ ᠦᠢᠯᠡᠴᠢᠯᠡᠭᠡ᠂ ᠸᠠᠺᠼᠢᠨ ᠤ ᠲᠠᠷᠢᠯᠭ᠎ᠠ ᠬᠢᠬᠦ᠂ ᠠᠵᠤ ᠠᠬᠤᠶᠢᠯᠠᠯ ᠪᠣᠯᠣᠨ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ᠂ ᠬᠤᠴᠣᠷᠭᠠᠵᠤ ᠠᠪᠤᠭᠰᠠᠨ ᠬᠥᠮᠥᠰ ᠢ ᠶᠠᠪᠤᠭᠤᠯᠬᠤ ᠵᠡᠷᠭᠡ ᠲᠠᠯ᠎ᠠ ᠪᠠᠷ ᠨᠡᠩ ᠣᠨᠣᠴᠠᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ ᠭᠡᠵᠦ ᠱᠠᠭᠠᠷᠳᠠᠪᠠ ᠭᠡᠵᠡᠢ᠃      ︽ᠬᠤᠷᠢᠨ ᠵᠦᠢᠯ  ᠤᠨ ᠠᠷᠭ᠎ᠠ ᠬᠡᠮᠵᠢᠶ᠎ᠡ︾ ᠪᠣᠯ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠲᠡᠭᠦᠯᠳᠡᠷᠵᠢᠭᠦᠯᠦᠭᠰᠡᠨ ᠶᠠᠪᠤᠳᠠᠯ ᠮᠥᠨ᠂ ᠸᠢᠷᠦ᠋ᠰ ᠤᠨ ᠣᠨᠳᠣᠣᠰᠢᠯ ᠪᠠ ᠬᠠᠯᠳᠠᠪᠤᠷᠢᠯᠠᠬᠤ ᠵᠢᠮ᠎ᠡ ᠶᠣᠰᠣᠨ ᠳᠤ ᠰᠠᠭᠤᠷᠢᠯᠠᠭᠰᠠᠨ ᠰᠢᠨᠵᠢᠯᠡᠬᠦ ᠤᠬᠠᠭᠠᠨᠴᠢ ᠡᠵᠡᠮᠳᠡᠯ ᠪᠠ ᠣᠶᠢᠷ᠎ᠠ ᠶᠢᠨ ᠭᠤᠷᠪᠠᠨ ᠵᠢᠯ ᠤᠨ ᠲᠤᠷᠰᠢᠬᠢ ᠡᠯ᠎ᠡ ᠭᠠᠵᠠᠷ ᠤᠨ ᠰᠡᠷᠭᠡᠶᠢᠯᠡᠨ ᠡᠵᠡᠮᠳᠡᠬᠦ ᠲᠤᠷᠰᠢᠯᠭ᠎ᠠ ᠶᠢᠨ ᠳ᠋ᠦᠩᠨᠡᠯᠲᠡ ᠮᠥᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠪᠠᠭ᠎ᠠ ᠠᠯᠬᠤᠮ ᠢᠶᠠᠷ ᠵᠣᠭᠰᠣᠯ ᠦᠭᠡᠢ ᠤᠷᠤᠭᠰᠢᠯᠠᠬᠤ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠦ᠂ ᠨᠠᠩ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠢ ᠠᠷᠭ᠎ᠠ ᠬᠡᠮᠵᠢᠶ᠎ᠡ ᠮᠥᠨ᠂ ᠬᠠᠷᠢᠨ ᠰᠤᠯᠠ ᠲᠠᠯᠪᠢᠬᠤ ᠪᠢᠰᠢ᠂ ᠨᠠᠩ ᠴᠤ ︽ᠵᠦᠭᠡᠷ ᠰᠠᠭᠤᠬᠤ︾ ᠭᠡᠰᠡᠨ ᠪᠢᠰᠢ ᠶᠤᠮ᠃      ︽ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠥᠩᠭᠡᠷᠡᠭᠰᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠠᠢ ᠬᠠᠷᠢᠴᠠᠭᠤᠯᠪᠠᠯ ᠪᠠᠭ᠎ᠠ ᠪᠤᠰᠤ ᠬᠤᠪᠢᠷᠠᠯᠲᠠ ᠭᠠᠷᠴᠠᠢ᠃ ᠵᠢᠱᠢᠶᠡᠯᠡᠪᠡᠯ᠂ ᠲᠤᠰᠠᠭᠠᠷᠯᠠᠬᠤ ᠴᠠᠭ ᠤᠨ ᠲᠠᠯ᠎ᠠ ᠪᠠᠷ᠂ ᠨᠢᠭᠲᠠ ᠣᠶᠢᠷᠠᠲᠤᠭᠴᠢ ᠶᠢ ᠬᠠᠮᠢᠶᠠᠷᠬᠤ ᠠᠷᠭ᠎ᠠ ᠬᠡᠮᠵᠢᠶ᠎ᠡ ᠶᠢ ︽5 ᠡᠳᠦᠷ ᠲᠥᠪᠯᠡᠷᠡᠭᠦᠯᠦᠨ ᠲᠤᠰᠠᠭᠠᠷᠯᠠᠬᠤ + 3 ᠡᠳᠦᠷ ᠭᠡᠷ ᠲᠤᠨᠢ ᠲᠤᠰᠠᠭᠠᠷᠯᠠᠬᠤ︾ ᠪᠣᠯᠭᠠᠨ ᠲᠣᠭᠢᠷᠠᠭᠤᠯᠪᠠ; ᠲᠦᠭᠰᠢᠭᠦᠷᠢᠳᠤ ᠣᠷᠣᠨ ᠢ ᠬᠤᠪᠢᠶᠠᠷᠢᠯᠠᠨ ᠲᠣᠭᠲᠠᠭᠠᠬᠤ ᠲᠠᠯ᠎ᠠ ᠪᠠᠷ᠂ ᠲᠦᠭᠰᠢᠭᠦᠷᠢ ᠶᠢᠨ ᠣᠷᠣᠨ ᠢ ᠭᠤᠷᠪᠠᠨ ᠲᠥᠷᠥᠯ ᠪᠠᠶᠢᠭᠰᠠᠨ ᠠᠴᠠ ᠥᠨᠳᠥᠷ ᠳᠣᠣᠷ᠎ᠠ ᠬᠤᠶᠠᠷ ᠲᠥᠷᠥᠯ ᠪᠣᠯᠭᠠᠨ ᠳᠣᠭᠢᠷᠠᠭᠤᠯᠪᠠ; ᠲᠠᠮ ᠣᠶᠢᠷᠠᠲᠤᠭᠴᠢ ᠶᠢ ᠳᠠᠭᠢᠵᠤ ᠮᠠᠭᠠᠳᠯᠠᠨ ᠲᠣᠭᠲᠠᠭᠠᠬᠤ ᠦᠭᠡᠢ᠂ ᠬᠢᠯᠢ ᠪᠠᠷ ᠣᠷᠣᠵᠤ ᠢᠷᠡᠬᠦ ᠵᠢᠰᠢᠶᠠᠨ ᠤ ᠨᠢᠰᠬᠡᠯ ᠳᠤ ᠠᠷᠭ᠎ᠠ ᠴᠢᠨᠠᠷᠲᠠᠢ ᠠᠶᠠᠨᠴᠢᠨ ᠢᠯᠡᠷᠡᠭᠰᠡᠨ ᠪᠣᠯ ᠠᠭᠠᠷ ᠤᠨ ᠵᠠᠮ ᠢ ᠬᠠᠭᠠᠬᠤ ᠲᠣᠭᠲᠠᠴᠠ ᠶᠢ ᠬᠦᠴᠦᠨ ᠦᠭᠡᠢ ᠪᠤᠯᠭᠠᠵᠤ᠂ ᠳᠤᠷ᠎ᠠ ᠪᠠᠷ ᠢᠶᠠᠨ ᠰᠤᠷᠭᠠᠭᠤᠯᠢ ᠶᠢ ᠪᠢᠲᠡᠭᠦᠮᠵᠢᠯᠡᠵᠦ ᠬᠢᠴᠢᠶᠡᠯ ᠵᠣᠭᠰᠤᠭᠠᠬᠤ᠂ ᠠᠵᠢᠯ ᠦᠢᠯᠡᠳᠪᠦᠷᠢᠯᠡᠯ ᠢ ᠵᠣᠭᠰᠤᠭᠠᠬᠤ᠂ ᠳᠤᠷ᠎ᠠ ᠪᠠᠷ ᠢᠶᠠᠨ ︽ᠵᠣᠭᠰᠣᠩᠭᠤᠢ︾ ᠬᠠᠮᠢᠶᠠᠷᠤᠯᠲᠠ ᠶᠠᠪᠤᠭᠤᠯᠬᠤ᠂ ᠳᠤᠷ᠎ᠠ ᠪᠠᠷ ᠢᠶᠠᠨ ᠪᠢᠲᠡᠭᠦᠮᠵᠢᠯᠡᠨ ᠡᠵᠡᠮᠳᠡᠭᠡᠳ ᠣᠷᠳᠣ ᠬᠤᠭᠤᠴᠠᠭ᠎ᠠ ᠪᠠᠷ ᠲᠠᠶᠢᠯᠬᠤ ᠦᠭᠡᠢ᠂ ᠡᠮᠨᠡᠭᠦᠯᠭᠦ ᠶᠢ ᠳᠤᠷ᠎ᠠ ᠪᠠᠷ ᠢᠶᠠᠨ ᠵᠣᠭᠰᠤᠭᠠᠬᠤ᠂ ᠵᠥᠪᠰᠢᠶᠡᠷᠡᠯ ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ ᠵᠡᠷᠭᠡ ᠶᠢ ᠴᠢᠩᠭ᠎ᠠ ᠴᠠᠭᠠᠵᠠᠯᠠᠬᠤ ᠪᠠᠷ ᠲᠣᠭᠲᠠᠵᠠᠢ᠃ ᠡᠳᠡᠭᠡᠷ ᠠᠷᠭ᠎ᠠ ᠬᠡᠮᠵᠢᠶ᠎ᠡ ᠨᠢ ᠮᠠᠰᠢ ᠴᠢᠩᠭ᠎ᠠ ᠴᠢᠭᠯᠡᠭᠦᠯᠦᠯᠲᠦ ᠴᠢᠨᠠᠷᠲᠠᠢ ᠶᠤᠮ᠂ ᠭᠤᠣᠯᠳᠠᠯᠭ᠎ᠠ  ᠨᠢ ᠰᠢᠯᠢᠳᠡᠭᠵᠢᠭᠦᠯᠬᠦ ᠶᠠᠪᠤᠳᠠᠯ ᠪᠣᠯᠣᠨ᠎ᠠ᠂ ᠤᠳᠤ ᠶᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠣᠬᠢᠷᠠᠭᠤᠯᠤᠨ ᠳᠡᠭᠡᠭᠰᠢᠯᠡᠭᠦᠯᠭᠦ ᠶᠢᠨ ᠤᠯᠠᠮ ᠢᠶᠠᠷ ᠬᠢᠵᠢᠭ ᠤᠨ ᠪᠠᠶᠢᠳᠠᠯ ᠢ ᠨᠡᠩ ᠰᠠᠶᠢᠲᠤᠷ ᠰᠡᠷᠭᠡᠶᠢᠯᠡᠨ ᠡᠵᠡᠮᠳᠡᠬᠦ ᠶᠠᠪᠤᠳᠠᠯ ᠪᠣᠯᠣᠨ᠎ᠠ᠃ ᠥᠭᠡᠷ᠎ᠡ ᠪᠠᠷ ᠬᠡᠯᠡᠪᠡᠯ ᠬᠢᠵᠢᠭ ᠲᠠᠢ ᠲᠡᠮᠡᠴᠡᠬᠦ ᠭᠤᠣᠯ ᠣᠶᠢᠯᠠᠭᠠᠭᠳᠠᠬᠤᠨ᠂ ᠬᠢᠵᠢᠭ ᠲᠠᠢ ᠲᠡᠮᠡᠴᠡᠬᠦ ᠠᠷᠭ᠎ᠠ ᠪᠠᠷᠢᠯ ᠬᠤᠪᠢᠷᠠᠭᠰᠠᠨ ᠦᠭᠡᠢ᠂ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠴᠢᠭᠯᠡᠯᠲᠡ ᠴᠦ ᠬᠤᠪᠢᠷᠠᠭᠰᠠᠨ ᠦᠭᠡᠢ᠂ ᠴᠢᠬᠤᠯᠠ ᠪᠦᠬᠦᠢ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠰᠤᠯᠠᠷᠠᠭᠰᠠᠨ ᠦᠭᠡᠢ ᠶᠤᠮ᠃      ᠰᠢᠦᠢ ᠱᠧᠦ ᠵᠢᠢ᠂ ᠸᠢᠷᠦ᠋ᠰ ᠤᠨ ᠣᠨᠳᠣᠣᠰᠢᠯ ᠪᠠ ᠡᠪᠦᠯ ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠢᠵᠢᠭ ᠤᠨ ᠳᠠᠷᠬᠠᠨ ᠳᠡᠯᠭᠡᠷᠡᠬᠦ ᠬᠦᠷᠢᠶ᠎ᠡ ᠴᠠᠷᠠᠭ᠎ᠠ ᠪᠠ ᠬᠡᠪᠴᠢᠶ᠎ᠡ ᠤᠯᠠᠮ ᠴᠢᠨᠠᠭᠰᠢᠳᠠ ᠥᠷᠭᠡᠳᠴᠦ ᠮᠡᠳᠡᠨ᠎ᠡ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠡᠶᠢᠮᠦ ᠠᠴᠠ ᠡᠷᠬᠡᠪᠰᠢ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ᠂ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠪᠢᠳᠡ ︽ᠬᠤᠷᠢᠨ ᠵᠦᠢᠯ  ᠤᠨ ᠠᠷᠭ᠎ᠠ ᠬᠡᠮᠵᠢᠶ᠎ᠡ︾ ᠲᠠᠢ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃ ᠡᠭᠦᠨ ᠤ ᠵᠡᠷᠭᠡ ᠪᠠᠷ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠪᠠ ᠬᠦᠰᠡᠯ ᠱᠠᠭᠠᠷᠳᠠᠯᠭ᠎ᠠ᠂ ᠢᠯᠠᠩᠭᠤᠶ᠎ᠠ ᠡᠮᠦᠨᠡᠬᠢ ᠬᠤᠭᠤᠴᠠᠭᠠᠨ ᠤ ᠵᠠᠷᠢᠮ ᠵᠣᠬᠢᠰ ᠦᠭᠡᠢ ᠠᠷᠭ᠎ᠠ ᠬᠢᠳᠡᠯ ᠢ ᠴᠠᠭ ᠲᠤᠬᠠᠢ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠪᠦᠭᠦ ᠬᠦᠴᠦᠨ ᠢᠶᠠᠷ ᠠᠬᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃ ᠭᠦᠭᠡᠬᠤᠲᠠ ᠶᠢᠨ ᠬᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠥᠭᠡᠳ ᠤᠯᠠᠨ ᠲᠦᠮᠡᠨ ᠤ ᠮᠠᠨ ᠤ ᠠᠵᠢᠯ ᠳᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ