ᠸᠠᠩ ᠯᠢ ᠰᠢᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/11/14
       ︵ᠰᠤᠷᠪᠤᠯᠵᠢᠯᠠᠭᠴᠢ ᠰᠥᠩ ᠱᠤᠸᠠᠩ︶ 11 ᠳ᠋ᠦ᠋ᠭᠡᠷ ᠰᠠᠷ᠎ᠠ ᠶᠢᠨ 12 ᠤᠨ ᠡᠳᠦᠷ᠂ ᠸᠠᠩ ᠯᠢ ᠰᠢᠶᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠢᠬᠤᠯᠠᠴᠢᠯᠠᠭᠰᠠᠨ ᠨᠢ᠂ ᠡᠷᠬᠡᠪᠰᠢ ᠪᠥᠬᠦ ᠣᠷᠣᠨ ᠤ ᠬᠦᠴᠦᠨ ᠢ ᠳᠠᠶᠢᠴᠢᠯᠠᠨ᠂ ᠠᠷᠭ᠎ᠠ ᠪᠦᠬᠦᠨ ᠢ ᠬᠡᠷᠡᠭᠯᠡᠨ ᠬᠥᠬᠡᠬᠤᠲᠠ ᠶᠢ ᠬᠠᠮᠠᠭᠠᠯᠠᠬᠤ ᠪᠠᠶᠢᠯᠳᠤᠭᠠᠨ ᠤ ᠢᠯᠠᠯᠲᠠ ᠶᠢ ᠲᠦᠷᠭᠡᠬᠡᠨ ᠣᠯᠬᠤ ᠬᠡᠷᠡᠭᠲᠡᠢ᠃ ᠨᠢᠭᠡ ᠳᠤ ᠳᠠᠷᠤᠢ ᠲᠦᠷᠭᠡᠨ ᠬᠥᠳᠡᠯᠦᠯᠴᠡᠨ᠂ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠢ ᠬᠥᠬᠡᠬᠤᠲᠠ ᠳᠤ ᠪᠠᠭᠤᠯᠭᠠᠵᠤ ᠬᠠᠪᠲᠠᠭᠠᠶᠢᠷᠠᠭᠤᠯᠤᠨ ᠬᠠᠮᠢᠶᠠᠷᠴᠤ᠂ ᠨᠢᠭᠡᠳᠦᠯᠲᠡᠢ ᠵᠢᠯᠣᠭᠤᠳᠴᠤ᠂ ᠨᠢᠭᠡᠳᠦᠯᠲᠡᠢ ᠲᠣᠬᠢᠷᠠᠭᠤᠯᠤᠯᠲᠠ ᠬᠢᠵᠦ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ ᠨᠠᠷ ︽ᠬᠡᠨ ᠬᠠᠷᠢᠭᠤᠴᠠᠪᠠᠯ ᠬᠡᠨ ᠲᠣᠬᠢᠷᠠᠭᠤᠯᠬᠤ᠂ ᠬᠡᠨ ᠬᠢᠨᠠᠨ ᠵᠢᠯᠣᠭᠤᠳᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠪᠡᠶ᠎ᠡ ᠠᠴᠠ ᠪᠠᠨ ᠲᠦᠷᠦᠭᠦᠯᠡᠨ ᠬᠡᠪ ᠳᠦᠷᠢᠮ ᠪᠣᠯᠵᠤ᠂ ᠨᠢᠭᠡᠳᠦᠭᠡᠷ ᠹᠷᠣᠨᠲ ᠲᠤ ᠪᠡᠶ᠎ᠡ ᠪᠠᠷ ᠢᠶᠠᠨ ᠬᠦᠷᠴᠦ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠠᠳᠬᠤᠵᠤ᠂ ᠱᠠᠲᠤ ᠱᠠᠲᠤ ᠪᠠᠷ ᠴᠣᠬᠤᠯᠠᠪᠤᠷᠢᠯᠠᠨ ᠳᠠᠮᠵᠢᠭᠤᠯᠬᠤ᠂ ᠱᠠᠲᠤ ᠱᠠᠲᠤ ᠪᠠᠷ ᠬᠤᠷᠠᠯ ᠬᠢᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃ ᠬᠤᠶᠠᠷ ᠲᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠲᠦᠷᠭᠡᠨ ᠪᠠᠶᠢᠴᠠᠭᠠᠨ ᠰᠢᠯᠭᠠᠬᠤ᠂ ᠲᠦᠷᠭᠡᠨ ᠲᠤᠰᠠᠭᠠᠷᠯᠠᠬᠤ᠂ ᠲᠦᠷᠭᠡᠨ ᠰᠢᠯᠵᠢᠭᠦᠯᠦᠨ ᠵᠥᠭᠡᠭᠡᠪᠦᠷᠢᠯᠡᠬᠦ᠂ ᠴᠢᠩᠭ᠎ᠠ ᠬᠠᠮᠢᠶᠠᠷᠤᠨ ᠡᠵᠡᠮᠳᠡᠬᠦ ︽ᠭᠤᠷᠪᠠᠨ ᠲᠦᠷᠭᠡᠨ ᠨᠢᠭᠡ ᠴᠢᠩᠭ᠎ᠠ︾ ᠪᠠᠶᠢᠬᠤ ᠱᠠᠭᠠᠷᠳᠠᠯᠭ᠎ᠠ ᠶᠢ ᠴᠢᠩᠭ᠎ᠠ ᠪᠠᠷᠢᠮᠲᠠᠯᠠᠵᠤ᠂ ᠬᠠᠷᠢᠭᠤᠴᠠᠯᠭ᠎ᠠ ᠶᠢ ᠺᠠᠳ᠋ᠷ ᠨᠢᠭᠡᠪᠦᠷᠢ᠂ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ ᠨᠠᠶᠢᠳᠠᠪᠤᠷᠢᠵᠢᠭᠤᠯᠤᠨ᠂ ᠭᠤᠭᠴᠤᠭ᠎ᠠ ᠪᠦᠷᠢ ᠬᠡᠯᠬᠢᠯᠳᠦᠵᠦ ᠠᠯᠬᠤᠮ ᠪᠦᠷᠢ ᠳᠤ ᠨᠠᠶᠢᠳᠠᠪᠤᠷᠢᠵᠢᠭᠳᠠᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠵᠠᠷᠯᠢᠭ ᠲᠤ ᠡᠷᠭᠢᠯᠲᠡ ᠦᠭᠡᠢ᠂ ᠬᠡᠯᠡᠭᠰᠡᠨ ᠳᠡᠭᠡᠨ ᠬᠦᠷᠬᠦ ᠬᠡᠷᠡᠭᠲᠡᠢ᠂ ᠡᠯ᠎ᠡ ᠱᠠᠲᠤᠨ ᠤ ᠺᠠᠳ᠋ᠷᠴᠤᠳ ᠴᠥᠮ ᠪᠠᠶᠢᠳᠠᠯ ᠳᠠᠭᠠᠨ ᠪᠠᠶᠢᠵᠤ᠂ ᠵᠢᠯᠣᠭᠤᠳᠤᠯᠭ᠎ᠠ ᠶᠢ ᠲᠠᠭᠠᠵᠤ᠂ ᠨᠡᠶᠢᠭᠡᠮ ᠤᠨ ᠥᠩᠭᠡᠨ ᠲᠠᠯ᠎ᠠ ᠶᠢ ᠠᠯᠢ ᠲᠦᠷᠭᠡᠨ ᠴᠡᠪᠡᠷᠯᠡᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠲᠤᠰᠢᠶᠠᠭᠰᠠᠨ ᠳᠠᠷᠤᠢ ᠰᠢᠢᠳᠪᠦᠷᠢᠯᠡᠵᠦ᠂ ᠲᠦᠷᠭᠡᠨ ᠬᠢᠵᠦ ᠬᠤᠷᠳᠤᠨ ᠭᠦᠢᠴᠡᠳᠬᠡᠵᠦ᠂  ᠨᠢᠭᠡ ᠠᠯᠬᠤᠮ ᠲᠦᠷᠭᠡᠯᠡᠪᠡᠯ ᠨᠢᠭᠡ ᠠᠯᠬᠤᠮ ᠲᠦᠷᠭᠡᠨ᠂ ᠨᠢᠭᠡ ᠰᠧᠺᠦ᠋ᠨ᠋ᠳ᠋ ᠢ ᠵᠠᠪᠳᠤᠵᠤ ᠳᠡᠶᠢᠯᠪᠡᠯ ᠨᠢᠭᠡ ᠰᠧᠺᠦ᠋ᠨ᠋ᠳ᠋ ᠢ ᠵᠠᠪᠳᠤᠨ᠂ ᠨᠥᠬᠦᠴᠡᠯ ᠳᠤᠷᠠᠳᠴᠤ᠂ ᠪᠤᠰᠤᠳᠴᠢ ᠰᠢᠯᠲᠠᠭᠠᠨ ᠡᠷᠢᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠨᠠᠶᠢᠳᠠᠪᠤᠷᠢᠵᠢᠭᠤᠯᠬᠤ ᠦᠭᠡᠢ᠂ ᠤᠳᠠᠭᠠᠰᠢᠷᠠᠭᠤᠯᠤᠨ ᠨᠠᠶᠢᠳᠠᠪᠤᠷᠢᠵᠢᠭᠤᠯᠬᠤ ᠶᠢ ᠨᠡᠩ ᠴᠤ ᠵᠥᠪᠰᠢᠶᠡᠷᠡᠬᠦ ᠦᠭᠡᠢ᠃ ᠳᠥᠷᠪᠡ ᠳᠤ ᠰᠠᠬᠢᠯᠭ᠎ᠠ ᠪᠠᠲᠤ ᠶᠢ ᠴᠢᠩᠳᠠᠯᠠᠵᠤ᠂ ᠴᠢᠩᠭ᠎ᠠ ᠱᠠᠭᠠᠷᠳᠠᠨ᠂ ᠣᠪᠣᠷ ᠰᠤᠷᠲᠠᠯ ᠤᠨ ᠲᠠᠯ᠎ᠠ ᠪᠠᠷ ᠴᠢᠩᠭ᠎ᠠ ᠪᠢᠰᠢ ᠦᠨᠡᠨ ᠪᠣᠳᠠᠲᠠᠢ ᠪᠢᠰᠢ᠂ ᠣᠯᠠᠨᠲᠠ ᠰᠠᠨᠠᠭᠤᠯᠵᠤ ᠲᠠᠬᠢᠨ ᠳᠠᠪᠲᠠᠨ ᠴᠢᠬᠤᠯᠠᠴᠢᠯᠠᠭᠠᠳ ᠪᠠᠰᠠ ᠬᠡᠯᠡᠳᠡᠭ ᠢᠶᠠᠷ ᠢᠶᠠᠨ ᠬᠡᠯᠡᠵᠦ ᠬᠢᠳᠡᠭ ᠢᠶᠠᠷ ᠢᠶᠠᠨ ᠬᠢᠳᠡᠭ ᠺᠠᠳ᠋ᠷᠴᠤᠳ ᠢ ᠴᠢᠩᠭ᠎ᠠ ᠰᠢᠢᠳᠪᠦᠷᠢᠯᠡᠬᠦ ᠬᠡᠷᠡᠭᠲᠡᠢ ᠭᠡᠵᠡᠢ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ