ᠰᠠᠶᠢᠬᠠᠨ ᠲᠣᠭᠤᠷᠢᠭ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠨᠠᠰᠤᠲᠠᠶᠢᠴᠤᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/11/15
20221115-1.jpg
      11 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠬᠢᠯᠡᠨ᠂ ᠰᠠᠶᠢᠬᠠᠨ ᠲᠣᠭᠤᠷᠢᠭ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠠᠴᠠ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠢ ᠵᠣᠬᠢᠶᠠᠨ ᠪᠠᠶᠢᠭᠤᠯᠵᠤ᠂ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠪᠠᠷ ᠳᠡᠮᠵᠢᠨ ᠪᠠᠶᠢᠳᠠᠯ ᠢ ᠣᠶᠢᠯᠠᠭᠠᠨ᠂ ᠡᠯ᠎ᠡ ᠭᠠᠵᠠᠷ ᠣᠷᠣᠨ ᠤ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠨᠡᠷᠡᠰ ᠢ ᠲᠣᠭᠲᠠᠭᠠᠭᠰᠠᠨ ᠤ ᠬᠠᠮᠲᠤ ᠣᠶᠢᠷ᠎ᠠ ᠬᠠᠪᠢ ᠳᠠᠭᠠᠨ ᠲᠥᠬᠦᠮ ᠦᠵᠡᠭᠦᠯᠬᠦ ᠵᠠᠷᠴᠢᠮ ᠶᠣᠰᠣᠭᠠᠷ ᠬᠤᠶᠠᠷ ᠠᠵᠤ ᠠᠬᠤᠶᠢᠯᠠᠯ ᠲᠠᠢ ᠬᠠᠷᠢᠯᠴᠠᠵᠤ ᠨᠥᠬᠦᠴᠡᠯ ᠳᠤ ᠨᠡᠶᠢᠴᠡᠬᠦ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠬᠤᠪᠢ ᠪᠦᠷᠢ ᠳᠡᠭᠡᠨ 200 ᠲᠥᠭᠦᠷᠢᠭ ᠤᠨ ᠥᠷᠲᠡᠭ ᠲᠠᠢ ᠠᠮᠤ ᠪᠤᠳᠠᠭ᠎ᠠ᠂ ᠭᠤᠯᠢᠷ ᠪᠣᠯᠣᠨ ᠡᠯ᠎ᠡ ᠲᠥᠷᠥᠯ ᠤᠨ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠡᠳ᠋ ᠪᠣᠳᠠᠰ ᠢ ᠪᠠᠭᠲᠠᠭᠠᠭᠰᠠᠨ ︽ᠬᠠᠶᠢᠷ᠎ᠠ ᠬᠠᠯᠠᠮᠵᠢ ᠶᠢᠨ ᠠᠮᠢᠳᠤᠷᠠᠯ ᠤᠨ ᠡᠳ᠋ ᠪᠣᠳᠠᠰ︾ ᠬᠤᠳᠠᠯᠳᠤᠨ ᠠᠪᠴᠤ ᠥᠭᠴᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠨᠠᠰᠤᠲᠠᠶᠢᠴᠤᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠦᠨᠡᠨ ᠬᠦ ᠴᠢᠩᠭᠠᠳᠬᠠᠪᠠ᠃ ᠰᠤᠷᠪᠤᠯᠵᠢᠯᠠᠭᠴᠢ ᠸᠠᠩ ᠵᠥᠩ ᠵᠧᠦ ᠴᠢᠮᠡᠭᠡᠯᠡᠭᠴᠢ ᠯᠢᠦ ᠰᠢᠶᠠᠨ ᡁᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ