ᠢᠦᠶ ᠴᠢᠤᠸᠠᠨ ᠲᠣᠭᠤᠷᠢᠭ ᠤᠨ ᠪᠥᠬᠦ ᠠᠷᠠᠳ ᠤᠨ ︽ᠬᠢᠵᠢᠭ ᠢ ᠡᠰᠡᠷᠭᠦᠴᠡᠬᠦ︾ ᠳᠤ ᠬᠥᠬᠡᠬᠤᠲᠠ ᠶᠢᠨ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/11/15
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠢᠦᠢ ᠴᠢᠤᠸᠠᠨ ᠲᠣᠭᠤᠷᠢᠭ ᠤᠨ ᠦᠨᠦᠴᠢᠨ ᠪᠡᠯᠪᠡᠰᠦᠨ ᠨᠠᠰᠤᠲᠠᠳ ᠠᠮᠢᠳᠤᠷᠠᠯ ᠨᠢ ᠬᠦᠴᠢᠷᠳᠡᠯᠲᠡᠶ ᠬᠡᠷ ᠪᠦᠯᠢ ᠵᠡᠷᠭᠡ ᠭᠠᠳᠠᠭᠰᠢ ᠭᠠᠷᠴᠤ ᠢᠳᠡᠰᠢᠨ ᠣᠭᠤᠭ᠎ᠠ ᠬᠤᠳᠠᠯᠳᠤᠨ ᠠᠪᠬᠤ ᠳᠤ ᠳᠥᠭᠦᠮ ᠦᠭᠡᠢ ᠪᠠᠶᠢᠬᠤ ᠪᠣᠳᠠᠲᠠᠶ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠶᠢᠨ ᠲᠥᠯᠥᠭᠡ᠂ ᠬᠥᠬᠡᠬᠤᠲᠠ ᠶᠢᠨ ᠨᠢᠭᠦᠯᠡᠰᠦᠩᠭᠦᠶ ᠶᠢᠨ  ᠦᠢᠯᠡᠰ ᠤᠨ ᠶᠡᠷᠦᠩᠬᠡᠶ ᠡᠪᠯᠡᠯ ᠪᠣᠯᠤᠨ ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠠᠷᠤᠶ ᠲᠦᠷᠭᠡᠨ ᠳᠣᠭᠢᠷᠠᠭᠤᠯᠤᠨ ᠪᠠᠶᠢᠷᠢᠯᠠᠭᠤᠯᠵᠤ᠂ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢᠨ ᠪᠣᠭᠤᠳᠠᠯ︾ ᠢ ᠰᠦᠢᠳᠭᠡᠯ ᠬᠤᠷᠢᠶᠠᠬᠤ ᠥᠬᠡᠶ ᠪᠠᠷ ᠳᠣᠭᠢᠷᠠᠭᠤᠯᠤᠨ ᠬᠦᠷᠭᠡᠵᠦ᠂ ᠣᠯᠠᠨ ᠲᠦᠮᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠢᠨ᠎ᠡ ᠰᠣᠷᠭᠤᠭ ᠨᠣᠭᠤᠭ᠎ᠠ ᠢᠳᠡᠭᠦᠯᠬᠦ ᠪᠣᠯᠤᠨ᠎ᠠ᠃      ᠮᠠᠨ ᠤ ᠬᠤᠲᠠ ᠶᠢᠨ ᠡᠯ᠎ᠡ ᠨᠡᠶᠢᠭᠡᠮ ᠤᠨ ᠪᠦᠯᠬᠦᠮ᠂ ᠬᠤᠪᠢ ᠬᠥᠮᠦᠨ ᠤ ᠬᠠᠨᠳᠢᠪᠯᠠᠯ ᠳᠣᠤᠷ᠎ᠠ᠂ ᠬᠥᠬᠡᠬᠤᠲᠠ ᠶᠢᠨ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠰᠥᠨᠢ ᠪᠠᠷ 350 ᠬᠤᠪᠢ ᠲᠥᠮᠥᠰᠥ᠂ ᠲᠥᠪᠡᠳ ᠬᠠᠰᠢ᠂ ᠴᠠᠭᠠᠨ ᠨᠣᠭᠤᠭ᠎ᠠ᠂ ᠥᠷᠭᠡᠰᠦᠲᠦ ᠬᠡᠮᠬᠡ᠂ ᠬᠠᠰᠢ ᠵᠡᠷᠭᠡ ᠰᠢᠨ᠎ᠡ ᠰᠣᠷᠭᠤᠭ ᠢᠳᠡᠰᠢᠨ ᠨᠣᠭᠤᠭ᠎ᠠ ᠶᠢᠨ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢᠨ ᠪᠤᠭᠤᠳᠠᠯ︾ ᠬᠤᠪᠢᠶᠠᠨ ᠰᠠᠪᠠᠯᠠᠭᠰᠠᠨ ᠪᠠᠶᠢᠨ᠎ᠠ᠃ ᠳᠣᠭᠢᠷᠠᠭᠤᠯᠤᠨ ᠬᠦᠷᠭᠡᠬᠦ ᠶᠠᠪᠤᠴᠠ ᠳᠤ᠂ ᠲᠡᠷᠭᠡ ᠬᠥᠰᠬᠡ ᠲᠡᠭᠡᠭᠡᠪᠦᠷᠢᠯᠡᠬᠦ᠂ ᠢᠳᠡᠰᠢᠨ ᠨᠣᠭᠤᠭ᠎ᠠ ᠢᠯᠭᠠᠬᠤ᠂ ᠪᠣᠭᠤᠳᠠᠯᠯᠠᠵᠤ ᠠᠷᠢᠯᠭᠠᠬᠤ᠂ ᠡᠳ᠋ ᠪᠣᠳᠠᠰ ᠢ ᠬᠤᠪᠢᠶᠠᠨ ᠲᠠᠷᠬᠠᠭᠠᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠩᠭᠠᠭᠰᠠᠨ ᠣᠨᠴᠠ ᠬᠦᠴᠢᠷᠳᠡᠯᠲᠡᠶ ᠬᠠᠮᠲᠤᠯᠢᠭ ᠤᠨ ᠲᠤᠭ᠎ᠠ ᠪᠠᠷᠢᠮᠲᠠ ᠳᠤ ᠲᠦᠰᠢᠭᠯᠡᠨ᠂ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠲᠠᠢ ᠬᠤᠯᠪᠣᠭᠠᠯᠠᠨ᠂ ᠨᠢᠭᠡᠨ ᠰᠠᠯᠪᠤᠷᠢ ᠪᠠᠭ᠎ᠠ ᠠᠩᠭᠢ ᠪᠠᠶᠢᠭᠤᠯᠵᠤ᠂ ᠤᠭᠤᠲᠠᠯᠠᠭᠰᠠᠨ ᠡᠳ᠋ ᠪᠣᠳᠠᠰ ᠢ ᠲᠣᠰᠬᠤᠨ ︵ᠨᠡᠶᠢᠭᠡᠮ ᠲᠣᠭᠤᠷᠢᠭ︶᠂ ᠬᠤᠷᠢᠶᠠᠯᠠᠯ ᠪᠠ ᠬᠡᠷ ᠪᠦᠯᠢ ᠶᠢᠨ ᠬᠦᠷᠢᠶᠡᠨ ᠤ ᠡᠭᠦᠳᠡᠨ ᠳᠤ ᠪᠠᠭᠤᠯᠭᠠᠵᠤ᠂ ᠡᠷᠦᠬᠡ ᠪᠤᠯᠭᠠᠨ ᠳᠤ ᠬᠦᠷᠭᠡᠪᠡ᠃       ᠰᠦᠢᠳᠬᠡᠯ ᠥᠯᠥ ᠬᠤᠷᠢᠶᠠᠬᠤ ︽ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢᠨ  ᠪᠤᠭᠤᠳᠠᠯ︾ ᠨᠢ ᠣᠯᠠᠨ ᠲᠦᠮᠡᠨ ᠪᠣᠯᠤᠨ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠶ ᠮᠡᠳᠡᠷᠡᠭᠦᠯᠵᠡᠶ᠃ ᠢᠦᠶ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤᠨ ᠤ ᠨᠢᠭᠡᠨ ᠠᠬᠠᠮᠠᠳ ᠰᠠᠭᠤᠭᠠᠯᠢ ᠠᠷᠠᠳ᠄ ︽ᠵᠠᠰᠠᠭ ᠤᠨ ᠣᠷᠳᠣᠨ ᠠᠴᠠ ᠬᠦᠷᠭᠡᠵᠦ ᠢᠷᠡᠭᠰᠡᠨ ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢᠨ ᠪᠤᠭᠤᠳᠠᠯ ᠳᠤ ᠲᠠᠯᠠᠷᠬᠠᠵᠤ ᠪᠠᠶᠢᠨ᠎ᠠ᠂ ᠡᠨᠡ ᠨᠢ ᠰᠢᠨ᠎ᠡ ᠰᠣᠷᠭᠤᠭ᠂ ᠬᠤᠪᠢ ᠶᠢᠨ ᠵᠢᠩ ᠭᠦᠢᠴᠡᠳ᠂ ᠲᠥᠷᠥᠯ ᠵᠦᠢᠯ ᠣᠯᠠᠨ ᠪᠠᠶᠢᠵᠤ᠂ ᠨᠠᠮ ᠪᠣᠯᠤᠨ ᠵᠠᠰᠠᠭ ᠤᠨ ᠣᠷᠳᠣᠨ ᠠᠴᠠ ᠪᠢᠳᠡᠨ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠦᠨᠡᠨ ᠪᠣᠳᠠᠲᠠᠶ ᠪᠠᠷ ᠬᠠᠷᠠᠭᠤᠯᠵᠤ ᠪᠠᠶᠢᠨ᠎ᠠ︾ ᠭᠡᠵᠡᠶ᠃ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ