ᠵᠣᠣ ᠵᠢᠶᠦ᠋ᠨ ᠵᠠᠮ ᠤᠨ ᠵᠡᠭᠡᠯᠢ ᠭᠤᠲᠤᠮᠵᠢ ᠶᠢᠨ ᠸᠠᠨ ᠶᠢᠨ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠢᠵᠢᠭ ᠤᠨ ᠪᠠᠶᠢᠳᠠᠯ ᠢ ᠡᠰᠡᠷᠭᠦᠴᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ
ᠨᠡᠶᠢᠲᠡᠯᠡᠭᠰᠡᠨ ᠴᠠᠭ᠄
2022/11/15
      ᠢᠦᠶ ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ ᠵᠡᠭᠡᠯᠢ ᠭᠤᠲᠤᠮᠵᠢ ᠶᠢᠨ ᠸᠠᠨ ᠶᠢᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠸᠠᠩ ᠴᠦᠨ ᠶᠠᠨ 10 ᠰᠠᠷ᠎ᠠ ᠶᠢᠨ 3 ᠤ ᠡᠳᠦᠷ ᠤᠨ ᠥᠷᠯᠥᠭᠡ ᠶᠢᠨ 3 ᠴᠠᠭ ᠲᠤ ᠬᠤᠷᠢᠶᠠᠯᠠᠯ ᠤᠨ ᠰᠦᠯᠵᠢᠶᠡᠨ ᠤ ᠴᠤᠭᠯᠠᠷᠠᠯ ᠳᠤ ︽ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠮᠦᠷᠳᠡᠵᠦ︾᠂ ᠳᠠᠷᠠᠭ᠎ᠠ ᠡᠳᠦᠷ ᠤᠨ ᠬᠢᠨᠢ ᠥᠷᠯᠥᠭᠡ ᠡᠷᠲᠡ ᠠᠴᠠ ᠡᠬᠢᠯᠡᠨ ᠬᠢᠵᠢᠭ ᠢ ᠰᠡᠷᠭᠡᠶᠢᠯᠡᠬᠦ ᠠᠵᠢᠯ ᠳᠤ ᠣᠷᠣᠯᠴᠠᠵᠤ᠂ ᠡᠷᠦᠬᠡ ᠳᠤ ᠣᠷᠣᠵᠤ ᠪᠥᠭᠡᠮ ᠬᠦᠴᠢᠯ ᠤᠨ ᠥᠯᠢᠭᠡᠷ ᠡᠳ᠋ ᠠᠪᠬᠤ᠂ ᠺᠣᠳ᠋ ᠰᠢᠷᠪᠢᠵᠦ ᠮᠡᠳᠡᠭᠡ ᠵᠠᠩᠭᠢ ᠣᠷᠣᠭᠤᠯᠬᠤ᠂ ᠣᠯᠠᠨ ᠨᠡᠶᠢᠲᠡ ᠶᠢᠨ ᠣᠷᠣᠨ ᠲᠣᠭᠤᠷᠢᠭ ᠢ ᠠᠷᠢᠭᠤᠳᠬᠠᠬᠤ ᠵᠡᠷᠭᠡ ᠠᠵᠢᠯ ᠢ ᠬᠢᠵᠦ᠂ ᠰᠠᠭᠤᠭᠠᠯᠢ ᠠᠷᠠᠳ ᠤᠨ ᠪᠠᠴᠢᠮ ᠪᠡᠷᠬᠡ ᠲᠦᠭᠰᠢᠭᠦᠷᠢᠲᠡᠶ ᠠᠰᠠᠭᠤᠳᠠᠯ ᠢ ᠬᠠᠷᠢᠭᠤᠴᠠᠨ ᠰᠢᠢᠳᠪᠦᠷᠢᠯᠡᠵᠦ ᠂ ᠣᠨᠴᠠᠭᠠᠶ ᠪᠠᠶᠢᠳᠠᠯ ᠲᠠᠢ ᠰᠠᠭᠤᠭᠠᠯᠢ ᠠᠷᠠᠳ ᠲᠤ ᠢᠯᠡᠭᠦᠴᠡ ᠬᠠᠷᠠᠭᠠᠯᠵᠠᠯ ᠦᠵᠡᠭᠦᠯᠪᠡ᠃ ︽︿ᠠᠷᠭ᠎ᠠ ᠴᠢᠨᠠᠷᠲᠠᠢ ᠡᠪᠡᠳᠴᠢᠨ ᠤ ᠵᠢᠱᠢᠶ᠎ᠡ ᠶᠢ ᠮᠦᠷᠳᠡᠬᠦ﹀ ᠠᠵᠢᠯ ᠲᠡᠭᠦᠰᠬᠦ ᠦᠶ᠎ᠡ ᠳᠤ ᠬᠠᠯᠠᠭᠤᠨ ᠰᠡᠳᠬᠢᠯᠲᠦ ᠰᠠᠭᠤᠭᠠᠯᠢ ᠠᠷᠠᠳ ᠴᠢᠮᠡᠭᠡ ᠢᠷᠡᠭᠦᠯᠵᠦ᠂ ᠨᠠᠳᠠ ᠶᠢ ᠡᠷᠲᠡᠬᠡᠨ ᠠᠮᠠᠷᠠᠵᠤ ᠪᠠᠰᠠ ᠬᠠᠪᠰᠤᠷᠤᠯᠭ᠎ᠠ ᠴᠢᠬᠤᠯᠠᠲᠠᠢ ᠦᠶ᠎ᠡ ᠳᠤ ᠲᠡᠳᠡᠨ ᠢ ᠳᠠᠭᠤᠳᠠᠬᠤ ᠶᠢ ᠬᠦᠰᠡᠵᠦ ᠪᠠᠶᠢᠨ᠎ᠠ ᠭᠡᠵᠡᠢ᠂ ᠪᠠᠰᠠ ᠮᠠᠰᠢ ᠤᠯᠠᠨ ᠰᠠᠭᠤᠭᠠᠯᠢ ᠠᠷᠠᠳ ᠪᠦᠷ ᠠᠮᠤᠷ ᠠᠰᠠᠭᠤᠬᠤ ᠴᠢᠮᠡᠭᠡ ᠢᠷᠡᠭᠦᠯᠵᠦ᠂ ᠮᠢᠨᠦ ᠠᠮᠠᠷᠠᠬᠤ ᠶᠢ ᠠᠩᠬᠠᠷᠴᠤ᠂ ᠬᠠᠯᠠᠭᠤᠨ ᠤᠰᠤ ᠢᠯᠡᠭᠦᠬᠡᠨ ᠤᠤᠭᠤᠭᠠᠷᠠᠢ ᠭᠡᠵᠦ ᠰᠠᠨᠠᠭᠤᠯᠵᠠᠢ ᠁ ᠲᠡᠳᠡᠨ ᠤ ᠢᠩᠭᠢᠵᠦ ᠬᠡᠯᠡᠬᠦ ᠶᠢ ᠦᠵᠡᠭᠡᠳ ᠰᠡᠳᠬᠢᠯ ᠳᠣᠲᠣᠷ᠎ᠠ ᠳᠤᠯᠠᠭᠠᠬᠠᠨ ᠰᠠᠨᠠᠭᠳᠠᠵᠤ᠂ ᠬᠡᠳᠦᠢ ᠵᠣᠪᠠᠭᠤᠷᠢᠲᠠᠢ ᠬᠡᠳᠦᠢ ᠶᠠᠳᠠᠷᠠᠭᠰᠠᠨ ᠴᠤ ᠪᠦᠷ ᠪᠡᠨ᠎ᠡ ᠲᠠᠢ ᠶᠤᠮ︾ ᠭᠡᠵᠦ ᠸᠠᠩ ᠴᠦᠨ ᠶᠠᠨ ᠬᠡᠯᠡᠪᠡ᠃      ᠬᠤᠷᠢᠶᠠᠯᠠᠯ ᠳᠤ ᠸᠠᠩ ᠴᠦᠨ ᠶᠠᠨ ᠤ ᠪᠠᠷ᠎ᠠ ᠭᠠᠵᠠᠷ ᠪᠣᠯᠭᠠᠨ ᠳᠤ ᠬᠠᠷᠠᠭᠳᠠᠨ᠎ᠠ᠂ ᠬᠢᠵᠢᠭ ᠤᠨ ᠪᠠᠶᠢᠳᠠᠯ ᠣᠳᠣ ᠪᠣᠯᠲᠠᠯ᠎ᠠ ᠨᠢᠭᠡᠨᠲᠡ 40 ᠭᠠᠷᠤᠶ ᠡᠳᠦᠷ ᠪᠣᠯᠵᠤ ᠪᠠᠶᠢᠨ᠎ᠠ᠂ ᠲᠡᠷᠡ ᠡᠳᠦᠷ ᠪᠦᠷᠢ  ᠴᠤᠭᠯᠠᠷᠠᠯ ᠳᠤ ᠪᠠᠨ ᠡᠯ᠎ᠡ ᠵᠦᠢᠯ ᠤᠨ ᠠᠵᠢᠯ ᠲᠣᠬᠢᠷᠠᠭᠤᠯᠵᠤ ᠪᠠᠶᠢᠨ᠎ᠠ᠄ ᠬᠡᠵᠢᠶ᠎ᠡ ᠪᠥᠭᠡᠮ ᠬᠦᠴᠢᠯ ᠬᠢᠬᠦ᠂ ᠬᠡᠵᠢᠶ᠎ᠡ ᠠᠨᠲ᠋ᠢᠭ᠍ᠸᠡ ᠬᠢᠬᠦ᠂ ᠠᠯᠢ ᠨᠠᠰᠤᠲᠠᠨ ᠡᠮ ᠦᠭᠡᠶ ᠪᠣᠯᠬᠤ᠂ ᠠᠯᠢ ᠭᠡᠷ ᠤᠨ ᠬᠡᠦᠬᠡᠳ ᠨᠢ ᠡᠪᠡᠳᠴᠢᠯᠡᠪᠡᠯ ᠲᠡᠷᠡ ᠡᠮᠴᠢ ᠲᠠᠢ ᠬᠠᠷᠢᠯᠴᠠᠬᠤ᠂ ᠡᠮ ᠬᠤᠳᠠᠯᠳᠤᠨ ᠠᠪᠬᠤ ᠵᠡᠷᠭᠡ ᠠᠵᠢᠯ ᠢ ᠬᠢᠵᠦ ᠪᠠᠶᠢᠨ᠎ᠠ ᠁ ᠲᠡᠷᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠦᠨ᠎ᠡ ᠹᠷᠣᠨᠲ ᠲᠤ ᠵᠣᠭᠰᠣᠵᠤ᠂ ᠸᠠᠨ ᠶᠢᠨ ᠰᠢᠶᠠᠩ ᠶᠦᠨ ᠰᠠᠭᠤᠭᠠᠯᠢ ᠠᠷᠠᠳ ᠤᠨ ᠬᠤᠷᠢᠶᠠᠯᠠᠯ ᠤᠨ ᠬᠥᠮᠦᠰ ᠤᠨ ᠨᠡᠭᠦᠳᠡᠯ ᠴᠢᠨᠠᠷ ᠶᠡᠭᠡ᠂ ᠮᠧᠶ ᠲᠦᠩ ᠵᠠᠬ᠎ᠠ ᠳᠡᠯᠭᠡᠭᠦᠷ ᠲᠠᠢ ᠬᠥᠷᠰᠢᠯᠡᠵᠦ᠂ ᠬᠢᠵᠢᠭ ᠤᠨ ᠪᠠᠶᠢᠳᠠᠯ ᠤᠨ ᠲᠠᠷᠬᠠᠬᠤ ᠬᠤᠷᠳᠤᠴᠠ ᠨᠢ ᠲᠦᠷᠭᠡᠨ᠂ ᠰᠡᠷᠭᠡᠶᠢᠯᠡᠨ ᠡᠵᠡᠮᠳᠡᠬᠦ ᠠᠵᠢᠯ ᠤᠨ ᠳᠠᠷᠤᠯᠲᠠ ᠨᠢ ᠴᠦ ᠮᠠᠰᠢ ᠶᠡᠭᠡ ᠪᠠᠶᠢᠳᠠᠭ᠂ ᠬᠢᠵᠢᠭ ᠤᠨ ᠪᠠᠶᠢᠳᠠᠯ ᠢ ᠪᠦᠲᠦᠮᠵᠢᠲᠡᠢ ᠬᠤᠷᠢᠭᠯᠠᠬᠤ ᠶᠢᠨ ᠲᠥᠯᠥᠭᠡ᠂ ᠲᠡᠷᠡ ᠡᠳᠦᠷ ᠪᠦᠷᠢ ᠡᠷᠲᠡ ᠭᠠᠷᠴᠤ ᠤᠷᠤᠢ ᠪᠤᠴᠠᠨ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠬᠥᠮᠦᠰ ᠤᠨ ᠬᠠᠨᠳᠤᠰᠢ ᠶᠢ ᠡᠵᠡᠮᠳᠡᠵᠦ᠂ ᠵᠢᠭᠰᠠᠭᠠᠨ ᠪᠠᠶᠢᠴᠠᠭᠠᠵᠤ ᠳᠠᠩᠰᠠᠯᠠᠬᠤ ᠠᠵᠢᠯ ᠢ ᠰᠠᠶᠢᠲᠤᠷ ᠬᠢᠵᠦ᠂ ᠤᠯᠠᠨ ᠬᠥᠮᠦᠨ ᠴᠤᠭᠯᠠᠷᠠᠬᠤ᠂ ᠭᠠᠳᠠᠭᠰᠢ ᠭᠠᠷᠬᠤ ᠠᠴᠠ ᠵᠠᠶᠢᠯᠠᠰᠬᠢᠵᠦ᠂ ᠰᠠᠭᠤᠭᠠᠯᠢ ᠠᠷᠠᠳ ᠨᠢᠭᠡᠪᠦᠷᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠰᠠᠭᠤᠭᠠᠯᠢ ᠠᠷᠠᠳ ᠤᠨ ᠬᠤᠷᠢᠶᠠᠯᠠᠯ ᠤᠨ ᠰᠠᠭᠤᠭᠠᠯᠢ ᠠᠷᠠᠳ ᠲᠤ ᠬᠠᠮᠤᠭ ᠤᠨ ᠬᠠᠷᠢᠭᠤᠴᠠᠯᠭ᠎ᠠ ᠲᠠᠢ ᠰᠦᠯᠵᠢᠶᠡᠨ ᠠᠵᠢᠯᠳᠠᠨ ᠬᠡᠮᠡᠨ ᠮᠠᠭᠲᠠᠭᠳᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠢ᠃      ᠠᠷᠠᠳ ᠲᠦᠮᠡᠨ ᠢ ᠰᠡᠳᠬᠢᠯ ᠳᠡᠭᠡᠨ ᠪᠤᠳᠤᠪᠠᠯ᠂ ᠠᠷᠠᠳ ᠲᠦᠮᠡᠨ ᠴᠢᠮᠠᠶᠢ ᠥᠨᠳᠥᠷ  ᠡᠷᠭᠦᠳᠡᠭ᠂ ᠬᠠᠷᠢᠶᠠᠲᠤ ᠣᠷᠣᠨ ᠤ ᠣᠯᠠᠨ ᠲᠦᠮᠡᠨ ᠤ ᠰᠡᠳᠭᠢᠯ ᠳᠤ ᠴᠥᠮ ᠲᠡᠭᠦᠨ ᠤ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠵᠦ᠂ ᠪᠤᠰᠤᠳ ᠢ ᠬᠠᠪᠰᠤᠷᠬᠤ ᠳᠤᠷᠠᠲᠠᠶ ᠪᠠᠶᠢᠳᠠᠯ ᠪᠠᠶᠢᠳᠠᠭ᠃ ᠸᠠᠩ ᠴᠦᠨ ᠶᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠠᠪᠰᠢᠭᠠᠶᠢᠯᠠᠨ ᠣᠷᠣᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠰᠡᠳᠬᠢᠯ ᠬᠥᠳᠡᠯᠭᠡᠮ᠎ᠡ ᠬᠠᠭᠤᠳᠠᠰᠤ ᠶᠢ ᠪᠢᠴᠢᠭᠯᠡᠵᠡᠢ᠃ ︵ᠰᠤᠷᠪᠤᠯᠵᠢᠯᠠᠭᠴᠢ᠄ ᠼᠤᠤ ᠶᠢᠩ︶ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ