ᠶᠡᠭᠡ ᠵᠣᠣ ᠨᠡᠶᠢᠭᠡᠮ ᠲᠣᠭᠤᠷᠢᠭ ᠤᠨ ᠬᠢᠨ 4777 ᠬᠤᠪᠢ ᠠᠮᠢᠳᠤᠷᠠᠯ ᠤᠨ ᠪᠠᠲᠤᠯᠠᠭ᠎ᠠ ᠶᠢᠨ ᠡᠳ᠋ ᠪᠣᠳᠠᠰ ᠢ ᠰᠠᠭᠤᠭᠠᠯᠢ ᠠᠷᠠᠳ ᠤᠨ ᠭᠠᠷ ᠲᠤ ᠬᠦᠷᠭᠡᠪᠡ
ᠨᠡᠶᠢᠲᠡᠯᠡᠭᠰᠡᠨ ᠴᠠᠭ᠄
2022/11/15
      ︽ᠲᠤᠩ ᠪᠠᠶᠠᠷᠯᠠᠯ᠎ᠠ︕ ᠪᠢ ᠨᠠᠶᠠ ᠭᠠᠷᠴᠢᠬᠠᠯ᠎ᠠ᠂ ᠭᠡᠷ ᠲᠡᠭᠡᠨ ᠭᠠᠭᠴᠠᠭᠠᠷ ᠢᠶᠠᠨ ᠶᠠᠪᠤᠵᠤ ᠰᠠᠭᠤᠬᠤ ᠳᠤ ᠳᠥᠭᠦᠮ ᠦᠭᠡᠢ᠂ ᠭᠠᠷ ᠤᠲᠠᠰᠤ ᠪᠠᠷ ᠨᠣᠭᠤᠭ᠎ᠠ ᠬᠤᠳᠠᠯᠳᠤᠨ ᠠᠪᠴᠤ ᠴᠤ ᠴᠢᠳᠠᠬᠤ ᠦᠭᠡᠢ᠂ ᠥᠨᠥᠳᠦᠷ ᠨᠡᠶᠢᠭᠡᠮ ᠲᠣᠭᠤᠷᠢᠭ ᠠᠴᠠ ᠬᠦᠷᠭᠡᠭᠰᠡᠨ ᠢᠳᠡᠰᠢᠨ ᠨᠣᠭᠤᠭ᠎ᠠ ᠶᠢᠨ ᠪᠤᠭᠤᠳᠠᠯ ᠢ ᠣᠯᠤᠭᠠᠳ ᠮᠠᠰᠢ ᠳᠤᠯᠠᠭᠠᠬᠠᠨ ᠰᠠᠨᠠᠭᠳᠠᠵᠤ᠂ ᠭᠡᠷ ᠲᠡᠭᠡᠨ ᠰᠠᠭᠤᠬᠤ ᠳᠤ ᠴᠤ ᠮᠠᠰᠢ ᠰᠠᠨᠠᠭ᠎ᠠ ᠠᠮᠤᠷ ᠪᠠᠶᠢᠳᠠᠭ︾ ᠭᠡᠵᠦ ᠴᠠᠩ ᠾᠧ ᠯᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠭᠡ ᠵᠤᠤ ᠨᠡᠶᠢᠭᠡᠮ ᠲᠣᠭᠤᠷᠢᠭ ᠤᠨ ᠰᠢᠨ ᠢᠦᠢ ᠬᠤᠷᠢᠶᠠᠯᠠᠯ ᠤᠨ ᠰᠠᠭᠤᠭᠠᠯᠢ ᠠᠷᠠᠳ ᠭᠦᠸᠧ ᠨᠠᠰᠤᠲᠠᠨ ᠬᠡᠯᠡᠪᠡ᠃      11 ᠰᠠᠷ᠎ᠠ ᠶᠢᠨ 11 ᠤ ᠡᠳᠦᠷ᠂ ᠶᠡᠭᠡ ᠵᠣᠣ ᠨᠡᠶᠢᠭᠡᠮ ᠲᠣᠭᠤᠷᠢᠭ ᠤᠨ ᠠᠵᠢᠯᠲᠠᠳ ︽ᠵᠥᠭᠡᠭᠡᠪᠦᠷᠢᠯᠡᠭᠴᠢ︾ ︽ᠪᠠᠷᠠᠭ᠎ᠠ ᠬᠦᠷᠭᠡᠭᠴᠢ︾ ᠪᠣᠯᠵᠣ᠂ ᠭᠠᠳᠠᠭᠰᠢ ᠭᠠᠷᠬᠤ ᠳᠤ ᠳᠥᠭᠦᠮ ᠦᠭᠡᠢ ᠠᠶᠢᠯ ᠡᠷᠦᠬᠡ ᠲᠠᠢ ᠪᠠᠶᠢᠪᠠᠯ᠂ ᠲᠠᠳᠠ ᠡᠷᠦᠬᠡ ᠳᠠᠷᠠᠭᠠᠯᠠᠨ ᠡᠭᠦᠳᠡ ᠲᠣᠭᠰᠢᠵᠤ ᠨᠣᠭᠤᠭ᠎ᠠ ᠬᠦᠷᠭᠡᠵᠦ᠂ ᠬᠠᠶᠢᠷ᠎ᠠ ᠬᠠᠯᠠᠮᠵᠢ ᠶᠢᠨ ︽ᠢᠳᠡᠰᠢᠨ ᠨᠣᠭᠤᠭ᠎ᠠ ᠶᠢᠨ ᠪᠤᠭᠤᠳᠠᠯ︾ ᠢᠶᠠᠨ ᠣᠯᠠᠨ ᠲᠦᠮᠡᠨ ᠤ ᠬᠡᠷ ᠲᠤ ᠬᠦᠷᠭᠡᠪᠡ᠃      ᠣᠯᠠᠨ ᠢᠶᠠᠷ ᠢᠶᠠᠨ ᠰᠡᠳᠬᠢᠯ ᠳᠣᠭᠳᠣᠯᠤᠨ᠄ ︽ᠨᠡᠶᠢᠭᠡᠮ ᠲᠣᠭᠤᠷᠢᠭ ᠤᠨ ᠠᠵᠢᠯᠲᠠᠨ ᠪᠢᠳᠡᠨ ᠳᠤ ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢᠨ ᠪᠤᠭᠤᠳᠠᠯ ᠬᠦᠷᠭᠡᠵᠦ᠂ ᠴᠤᠭᠤᠷ ᠨᠣᠭᠤᠭ᠎ᠠ᠂ ᠴᠠᠭᠠᠨ ᠨᠣᠭᠤᠭ᠎ᠠ᠂ ᠣᠷᠣᠰ ᠰᠣᠩᠭᠢᠨ᠎ᠠ ᠵᠡᠷᠭᠡ ᠪᠦᠷ ᠪᠠᠶᠢᠨ᠎ᠠ᠂ ᠡᠨᠡ ᠨᠢ ᠨᠢᠭᠡ ᠭᠠᠷᠠᠭ ᠢᠳᠡᠵᠦ ᠭᠦᠢᠴᠡᠨ᠎ᠡ︾ ᠭᠡᠵᠦ ᠶᠠᠷᠢᠵᠤ ᠪᠠᠶᠢᠯ᠎ᠠ᠃      ᠤᠯᠠᠨ ᠢᠶᠠᠷ ᠢᠶᠠᠨ ᠲᠠᠯᠠᠷᠬᠠᠨ ᠢᠨᠢᠶᠡᠮᠰᠦᠭᠯᠡᠵᠦ ᠪᠠᠶᠢᠬᠤ ᠶᠢ ᠦᠵᠡᠭᠡᠳ᠂ ᠠᠵᠢᠯᠲᠠᠳ ᠠᠴᠠ᠄ ︽ᠡᠳᠡᠭᠡᠷ ᠬᠠᠶᠢᠷ᠎ᠠ ᠬᠠᠯᠠᠮᠵᠢ ᠶᠢᠨ ᠢᠳᠡᠰᠢᠨ ᠨᠣᠭᠤᠭ᠎ᠠ ᠶᠢ ᠠᠶᠢᠯ ᠡᠷᠦᠬᠡ ᠪᠣᠯᠭᠠᠨ ᠳᠤ ᠬᠦᠷᠭᠡᠵᠦ᠂ ᠰᠠᠭᠤᠭᠠᠯᠢ ᠠᠷᠠᠳ ᠤᠨ ᠠᠮᠢᠳᠤᠷᠠᠬᠤ ᠳᠤ ᠵᠣᠪᠠᠭ᠋ᠤ ᠦᠭᠡᠢ᠂ ᠢᠳᠡᠬᠦ ᠳᠤ ᠵᠣᠪᠠᠭ᠋ᠤ ᠦᠭᠡᠢ ᠪᠠᠶᠢᠬᠤ ᠶᠢ ᠣᠯᠵᠤ ᠬᠠᠷᠠᠭᠠᠳ᠂ ᠬᠡᠳᠦᠢ ᠵᠦᠳᠡᠷᠡᠯᠲᠡᠢ ᠪᠠᠶᠢᠬᠰᠠᠨ ᠴᠤ ᠪᠡᠨ᠎ᠡ ᠲᠠᠢ ᠪᠠᠶᠢᠯ᠎ᠠ︾ ᠭᠡᠵᠦ ᠵᠠᠯᠭᠠᠭ᠎ᠠ ᠪᠠᠷ ᠬᠡᠯᠡᠪᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠣᠨᠴᠠᠭᠠᠶ ᠬᠦᠴᠢᠷᠳᠡᠯᠲᠡᠶ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠢ ᠰᠠᠶᠢᠲᠤᠷ ᠬᠠᠷᠠᠭᠠᠯᠵᠠᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠭ ᠤᠨ ᠵᠠᠰᠠᠭ ᠤᠨ ᠣᠷᠳᠣᠨ ᠠᠴᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠪᠠᠶᠢᠳᠠᠯ ᠢ ᠪᠠᠶᠢᠴᠠᠭᠠᠨ ᠬᠤᠷᠢᠶᠠᠩᠭᠤᠶᠢᠯᠠᠵᠤ ᠲᠣᠬᠢᠷᠠᠭᠤᠯᠬᠤ ᠪᠠᠷ ᠲᠣᠬᠢᠷᠠᠭᠤᠯᠪᠠ᠃ 10 ᠰᠠᠷ᠎ᠠ ᠶᠢᠨ 14 ᠤ ᠡᠳᠦᠷ ᠠᠴᠠ ᠡᠬᠢᠯᠡᠨ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠳᠤ ᠨᠡᠶᠢᠲᠡ 2927 ᠬᠤᠪᠢ ᠳᠤᠲᠤᠷᠭ᠎ᠠ ᠭᠤᠯᠢᠷ ᠲᠣᠰᠣ᠂ 1850 ᠬᠤᠪᠢ ᠢᠳᠡᠰᠢᠨ ᠨᠣᠭᠤᠭ᠎ᠠ ᠲᠦᠭᠡᠭᠡᠪᠡ᠃ ︵ᠰᠤᠷᠪᠤᠯᠵᠢᠯᠠᠭᠴᠢ᠄ ᠶᠠᠩ ᠸᠧᠨ ᠵᠢᠩ   ᠵᠢᠶᠤᠤ ᠨᠢᠩ ᠪᠥᠸᠧ︶    
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ