ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/11/15
 ᠦ᠋ ᠬᠠᠨ ᠹᠧᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ ᠰᠦᠨ ᠱᠤᠤ ᠴᠧᠩ ᠬᠤᠷᠠᠯ ᠢ ᠡᠷᠬᠢᠯᠡᠵᠤ ᠸᠠᠩ ᠯᠢ ᠰᠢᠶᠠ ᠣᠷᠣᠯᠴᠠᠵᠠᠢ      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠬᠴᠢ ᠯᠢᠦ ᠰᠢᠶᠤᠤ ᠳ᠋ᠦᠩ︶ ᠲᠥᠪ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 11 ᠳ᠋ᠦ᠋ᠭᠡᠷ ᠰᠠᠷ᠎ᠠ ᠶᠢᠨ 14 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠵᠤ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠤᠤᠯ ᠤᠨ ᠳᠡᠳ᠋ ᠶᠠᠮᠤᠨ ᠤ ᠲᠠᠰ ᠤᠨ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠦ᠋ ᠬᠠᠨ ᠹᠸᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠠᠢ᠃      ᠦ᠋ ᠬᠠᠨ ᠹᠧᠶ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠤᠯ ᠰᠡᠳᠦᠪ ᠤᠨ ᠪᠠᠶᠠᠯᠢᠭ ᠠᠭᠤᠯᠤᠭᠳᠠᠬᠤᠨ᠂ ᠥᠩᠭᠡᠷᠡᠭᠰᠡᠨ 5 ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠶ ᠪᠠᠶᠢᠳᠠᠯ ᠢ ᠨᠡᠭᠡᠭᠡᠬᠦ ᠲᠡᠦᠬᠡᠨ ᠬᠠᠷᠢᠭᠤᠴᠠᠯᠭ᠎ᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠡᠭᠦᠷᠭᠡ ᠬᠠᠷᠢᠭᠤᠴᠠᠯᠭ᠎ᠠ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠵᠡᠷᠭᠡ ᠶᠢ ᠬᠦᠨᠵᠡᠭᠡᠢ ᠣᠶᠢᠯᠠᠭᠠᠬᠤ ᠶᠢᠨ ᠲᠤᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠬᠤ ᠶᠢᠨ ᠬᠠᠮᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠥᠪᠥᠷ ᠮᠣᠩᠭᠤᠯ ᠳᠠᠬᠢ ᠠᠮᠢᠳᠤᠯᠢᠭ ᠦᠢᠯᠡᠳᠦᠯᠭᠡ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠵᠢᠭᠠᠭᠰᠠᠨ ᠴᠢᠭᠯᠡᠯ ᠪᠠ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠶᠢᠨ ᠵᠥᠪ ᠣᠨᠣᠪᠴᠢᠲᠤ ᠴᠢᠨᠠᠷ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨ ᠶᠣᠰᠣᠴᠢ ᠴᠢᠨᠠᠷ ᠢ ᠭᠦᠨᠵᠡᠭᠡᠶ ᠣᠶᠢᠯᠠᠭᠠᠵᠤ᠂ ᠡᠭᠦᠨ ᠢᠶᠠᠷ ᠳᠠᠮᠵᠢᠨ ︽ᠬᠤᠶᠠᠷ ᠢ ᠲᠣᠭᠲᠠᠭᠠᠭᠰᠠᠨ︾ ᠢ ᠨᠡᠩ ᠤᠬᠠᠮᠰᠠᠷ ᠠᠴᠠ ᠪᠠᠨ ᠡᠷᠡᠰ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ ᠬᠤᠷᠠᠯ ᠳᠤ ᠣᠷᠣᠯᠴᠠᠭᠰᠠᠳ  ᠬᠢᠨᠠᠮᠠᠭᠠᠢ ᠰᠣᠨᠣᠰᠴᠤ᠂ ᠬᠢᠨᠠᠮᠠᠭᠠᠢ ᠲᠡᠮᠳᠡᠭᠯᠡᠵᠦ᠂ ᠤᠯᠠᠨ ᠢᠶᠠᠷ ᠢᠶᠠᠨ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠪᠦᠬᠦ ᠲᠠᠯ᠎ᠠ ᠶᠢᠨ ᠪᠦᠬᠡᠳ ᠰᠢᠰᠲ᠋ᠧᠮ ᠲᠠᠢ᠂ ᠭᠤᠣᠯᠳᠠᠯᠭ᠎ᠠ ᠨᠢ ᠳᠣᠪᠣᠶᠢᠮ᠎ᠠ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠬᠢᠯᠪᠡᠷ ᠣᠶᠢᠯᠠᠭᠠᠮᠵᠢᠲᠠᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠤᠨᠤᠯ ᠤᠨ ᠴᠢᠨᠠᠷ᠂ ᠦᠢᠯᠡᠳᠦᠯᠭᠡ ᠶᠢᠨ ᠴᠢᠨᠠᠷ ᠪᠠ ᠵᠢᠯᠣᠭᠤᠳᠬᠤ ᠴᠢᠨᠠᠷ ᠲᠠᠢ ᠪᠠᠶᠢᠵᠤ᠂ ᠤᠯᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ ᠪᠣᠳᠠᠲᠠᠢ ᠬᠢᠬᠦ ᠳᠤ ᠨᠢᠭᠡ ᠤᠳᠠᠭᠠᠨ ᠤ ᠮᠠᠰᠢ ᠰᠠᠶᠢᠨ ᠬᠠᠪᠰᠤᠷᠤᠨ ᠵᠢᠯᠣᠭᠤᠳᠤᠯᠭ᠎ᠠ ᠪᠣᠯᠬᠤ ᠪᠥᠭᠡᠳ ᠪᠠᠰᠠ ᠴᠤ ᠨᠢᠭᠡ ᠤᠳᠠᠭ᠎ᠠ ᠶᠢᠨ ᠬᠦᠴᠦᠲᠡᠢ ᠠᠬᠢᠭᠤᠯᠤᠯ ᠪᠣᠯᠣᠨ᠎ᠠ ᠭᠡᠵᠦ ᠰᠠᠨᠠᠯ ᠨᠢᠭᠡᠲᠡᠢ ᠦᠵᠡᠵᠡᠭᠡᠵᠠᠢ᠃ ᠣᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠭᠡᠵᠦ᠂ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠡᠯᠬᠡᠭᠯᠡᠨ ᠤᠷᠤᠬᠰᠢᠯᠠᠵᠤ ᠲᠡᠷᠢᠭᠦᠨ ᠢ ᠲᠡᠮᠡᠴᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠡᠬᠡ ᠭᠠᠵᠠᠷ ᠲᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠬᠡᠵᠡᠭᠡᠪᠡ᠃      ᠰᠦᠨ ᠱᠤᠤ ᠴᠧᠩ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠪᠢᠳᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠳᠡᠢ ᠭᠡᠰᠡᠨ ᠴᠢᠬᠤᠯᠠ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠤ᠂ ᠡᠨᠡ ᠤᠳᠠᠭ᠎ᠠ ᠶᠢᠨ ᠮᠡᠳᠡᠭᠦᠯᠦᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠢᠭᠡᠨᠲᠡ ᠬᠠᠯᠠᠭᠤᠨ ᠥᠷᠨᠢᠯᠲᠡ ᠭᠠᠷᠭᠠᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠭᠦᠨᠴᠠ ᠶᠢ ᠤᠷᠳᠤᠤᠡᠬᠠᠨ᠂ ᠦᠷᠭᠡᠴᠡ ᠶᠢ ᠦᠷᠬᠡᠵᠢᠬᠦᠯᠵᠦ᠂ ᠰᠤᠷᠤᠯᠴᠠᠵᠤ ᠪᠣᠯᠪᠠᠰᠤᠷᠠᠯ ᠬᠦᠷᠳᠡᠬᠡᠬᠦ ᠪᠠ ᠤᠬᠠᠭᠤᠯᠤᠨ ᠲᠠᠶᠢᠯᠪᠤᠷᠢᠯᠠᠬᠤ ᠶᠢᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠨᠠᠬᠰᠢᠳᠠ ᠴᠢᠩᠭᠠᠳᠬᠠᠵᠤ᠂ ᠰᠤᠷᠤᠯᠴᠠᠨ ᠲᠤᠭᠤᠰᠢᠯᠠᠭᠤᠯᠤᠬᠰᠡᠨ ᠦᠷ᠎ᠡ ᠪᠦᠲᠦᠭᠡᠯ ᠢᠶᠠᠨ ᠵᠢᠯ ᠤᠨ ᠡᠴᠦᠰ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠪᠠ ᠢᠷᠡᠬᠦ ᠵᠢᠯ ᠤᠨ ᠠᠵᠢᠯ ᠢᠶᠠᠨ ᠰᠠᠶᠢᠲᠤᠷ ᠲᠣᠬᠢᠷᠠᠭᠤᠯᠬᠤ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠶ᠃ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠬᠦ ᠪᠠᠷ ᠳᠡᠮᠵᠢᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ᠃      ᠮᠡᠳᠡᠭᠦᠯᠦᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠶᠠᠪᠤᠭᠳᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠳᠠ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠠᠢ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ