︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠬᠦ ᠶᠢᠨ ᠬᠠᠮᠲᠤ᠂ ᠣᠶᠢᠷ᠎ᠠ ᠳᠤ ᠪᠥᠬᠦ ᠬᠤᠲᠠ ᠶᠢᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠪᠠᠶᠢᠴᠠᠭᠠᠬᠤ ᠠᠵᠢᠯ ᠤᠨ ᠸᠢᠳᠢᠤ᠋ ᠬᠤᠷᠠᠯ ᠢ | ᠬᠤᠷᠠᠯᠳᠤᠭᠤᠯᠵᠤ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠬᠢᠨᠠᠨ ᠵᠥᠪᠰᠢᠶᠡᠷᠡᠬᠦ ᠠᠬᠢᠴᠠ ᠶᠢᠨ ᠪᠠᠶᠢᠳᠠᠯ ᠢ ᠰᠠᠯᠠᠭ᠎ᠠ ᠮᠥᠴᠢᠷ᠂ ᠭᠠᠵᠠᠷ ᠣᠷᠣᠨ ᠬᠤᠪᠢᠶᠠᠨ | ᠲᠣᠬᠢᠷᠠᠭᠤᠯᠪᠠ᠃ | ᠬᠤᠷᠠᠯ ᠠᠴᠠ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠵᠢᠴᠢ ᠬᠤᠳᠠ ᠶᠢᠨ ᠰᠢᠭᠤᠳ | ᠬᠠᠷᠢᠶ᠎ᠠ ᠲᠦᠷᠦᠯ ᠵᠦᠢᠯ ᠤᠨ ᠨᠢᠭᠡᠴᠡ ᠶᠢᠨ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠤᠶᠢᠯᠪᠤᠷᠢᠲᠠᠢ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ︔ ᠡᠯ᠎ᠡ ᠭᠠᠵᠠᠷ ᠣᠷᠣᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠰᠢᠢᠳᠪᠦᠷᠢᠯᠡᠵᠦ ᠳᠠᠭᠤᠰᠬᠠᠭᠠᠳᠤᠢ ᠲᠥᠷᠥᠯ ᠵᠦᠢᠯ ᠤᠨ ᠰᠢᠢᠳᠪᠦᠷᠢᠯᠡᠵᠦ | ᠳᠠᠭᠤᠰᠬᠠᠭᠠᠳᠤᠢ ᠶᠢᠨ ᠰᠢᠯᠲᠠᠭᠠᠨ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠢᠭᠡᠳ ᠨᠢᠭᠡ ᠪᠠᠷ ᠨᠠᠷᠢᠨ ᠲᠣᠳᠣᠷᠬᠠᠢ ᠬᠠᠷᠢᠭᠤ ᠮᠡᠳᠡᠭᠦᠯᠪᠡ︔ ᠬᠤᠲᠠ ᠶᠢᠨ | ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠬᠦ ᠶᠢᠨ ᠬᠠᠮᠲᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ | ᠵᠦᠢᠯ ᠢ ᠬᠢᠨᠠᠨ ᠵᠥᠪᠰᠢᠶᠡᠷᠡᠬᠦ ᠶᠢ ᠲᠦᠷᠭᠡᠳᠬᠡᠬᠦ ᠲᠤᠬᠠᠢ ᠵᠢᠯᠣᠭᠤᠳᠤᠯᠭ᠎ᠠ ᠬᠢᠵᠦ᠂ ᠦᠨᠡᠨ ᠬᠦ ᠬᠡᠷᠡᠭᠵᠢᠭᠦᠯᠵᠦ ᠪᠣᠯᠬᠤ ᠪᠣᠳᠠᠲᠠᠢ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠤ ᠬᠢᠨ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠨᠠᠷᠢᠨ ᠬᠢᠨᠠᠮᠠᠭᠠᠢ ᠲᠥᠯᠥᠪᠵᠢᠭᠦᠯᠦᠨ ᠭᠦᠢᠴᠡᠳ ᠰᠤᠳᠤᠯᠵᠤ᠂ ᠬᠦᠴᠦᠨ ᠢᠶᠠᠨ ᠲᠥᠪᠯᠡᠷᠡᠭᠦᠯᠦᠨ | ᠰᠢᠢᠳᠪᠦᠷᠢᠯᠡᠬᠦ ᠠᠬᠢᠴᠠ ᠪᠠᠨ ᠲᠦᠷᠭᠡᠳᠬᠡᠵᠦ᠂ ᠡᠭᠦᠷᠭᠡ ᠬᠠᠷᠠᠯᠲᠠ ᠶᠢᠨ ᠶᠣᠰᠣᠭᠠᠷ ᠲᠤᠶᠢᠯᠪᠤᠷᠢᠲᠠᠢ ᠪᠠᠶᠢᠴᠠᠭᠠᠬᠤ ᠠᠵᠢᠯ ᠢ ᠪᠡᠶᠡᠯᠡᠭᠦᠯᠬᠦ ᠬᠡᠷᠡᠭᠲᠡᠢ︔ ᠡᠯ᠎ᠡ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠤᠳ ᠬᠠᠷᠢᠭᠤ ᠮᠡᠳᠡᠭᠦᠯᠦᠯᠲᠡ ᠳᠤ ᠳᠤᠷᠠᠳᠤᠭᠰᠠᠨ ᠠᠰᠠᠭᠤᠳᠠᠯ ᠢ ᠦᠨᠳᠦᠰᠦᠯᠡᠨ᠂ ᠬᠤᠷᠠᠯ ᠳᠤ ᠲᠣᠰ ᠨᠢᠭᠡᠴᠡ ᠳᠤ ᠬᠤᠯᠪᠣᠭᠳᠠᠭᠰᠠᠨ ᠰᠢᠢᠳᠪᠦᠷᠢᠯᠡᠬᠦ ᠴᠢᠬᠤᠯᠠᠲᠠᠢ | ᠵᠦᠢᠯᠡᠰ ᠢ ᠬᠤᠷᠢᠶᠠᠩᠭᠤᠶᠢᠯᠠᠨ ᠡᠮᠬᠢᠯᠡᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠷᠢᠲᠠ ᠠᠴᠠ | ᠵᠢᠯᠣᠭᠤᠳᠤᠨ ᠦᠢᠯᠡᠴᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠯᠡᠨ᠂ ᠬᠦᠴᠢᠷ ᠢ ᠳᠠᠪᠠᠨ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ | ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠥᠨᠳᠥᠷ ᠪᠦᠲᠦᠮᠵᠢᠲᠡᠶ ᠪᠠᠷ ᠥᠷᠨᠢᠭᠦᠯᠬᠦ ᠬᠡᠷᠡᠭᠲᠡᠢ ᠭᠡᠵᠡᠢ᠃ | 11 ᠳ᠋ᠦ᠋ᠭᠡᠷ ᠰᠠᠷ᠎ᠠ ᠶᠢᠨ 11 ᠤ ᠡᠳᠦᠷ ᠪᠣᠯᠲᠠᠯ᠎ᠠ᠂ ᠪᠥᠬᠦ ᠬᠤᠲᠠ ᠶᠢᠨ 80 ᠨᠥᠬᠦᠨ ᠭᠦᠢᠴᠡᠳᠬᠡᠬᠦ ᠵᠦᠢᠯᠡᠰ ᠠᠴᠠ 42 ᠢ ᠨᠢᠭᠡᠨᠲᠡ ᠰᠢᠢᠳᠪᠦᠷᠢᠯᠡᠵᠦ ᠳᠠᠭᠤᠰᠬᠠᠭᠠᠳ᠂ | ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 52.5% ᠬᠦᠷᠴᠦ᠂ 9 ᠳ᠋ᠦ᠋ᠭᠡᠷ ᠰᠠᠷ᠎ᠠ ᠶᠢᠨ ᠰᠡᠭᠦᠯᠴᠢ ᠶᠢᠨ ᠬᠢ ᠠᠴᠠ 25 ᠵᠦᠢᠯ ᠨᠡᠮᠡᠭᠳᠡᠨ᠂ 31 ᠵᠠᠭᠤᠨ ᠤ ᠨᠢᠭᠡᠴᠢ | ᠳᠡᠭᠡᠭᠰᠢᠯᠡᠪᠡ︔ 1255 ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠠᠴᠠ ᠨᠡᠶᠢᠲᠡ 647 ᠶᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠨ ᠳᠠᠭᠤᠰᠬᠠᠭᠰᠠᠨ ᠨᠣᠷᠮ᠎ᠠ ᠨᠢ 51. | 55% ᠬᠦᠷᠴᠦ᠂ 9 ᠳ᠋ᠦ᠋ᠭᠡᠷ ᠰᠠᠷ᠎ᠠ ᠶᠢᠨ ᠰᠡᠭᠦᠯᠴᠢ ᠶᠢᠨ ᠬᠢ ᠠᠴᠠ 262 ᠵᠦᠢᠯ ᠨᠡᠮᠡᠭᠳᠡᠨ᠂ 26 ᠵᠠᠭᠤᠨ ᠤ ᠨᠢᠭᠡᠴᠢ ᠳᠡᠭᠡᠭᠰᠢᠯᠡᠵᠡᠢ᠃ |