ᠸᠠᠩ ᠯᠢ ᠰᠢᠶᠠ ᠰᠠᠭᠤᠭᠠᠯᠢ ᠠᠷᠠᠳ ᠤᠨ ᠬᠤᠷᠢᠶᠠᠯᠠᠯ ᠳᠤ ᠬᠦᠷᠴᠤ ᠬᠢᠵᠢᠭ ᠤᠨ ᠪᠠᠶᠢᠳᠠᠯ ᠢ ᠰᠡᠷᠭᠡᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/11/16
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠬᠴᠢ ᠰᠦᠩ ᠱᠤᠸᠠᠩ︶ 11 ᠳ᠋ᠦ᠋ᠭᠡᠷ ᠰᠠᠷ᠎ᠠ ᠶᠢᠨ 15 ᠤ ᠦᠳᠡ ᠶᠢᠨ ᠡᠮᠦᠨ᠎ᠡ᠂ ᠸᠠᠩ ᠯᠢ ᠰᠢᠶᠠ ᠤᠷᠢᠳᠴᠢᠯᠡᠨ ᠮᠡᠳᠡᠭᠳᠡᠭᠰᠡᠨ ᠦᠭᠡᠢ ᠪᠠᠷ ᠬᠥᠬᠡᠬᠤᠲᠠ ᠶᠢᠨ ᠾᠧᠩ ᠴᠠᠩ ᠬᠤᠳᠠᠯᠳᠤᠭᠠᠨ ᠤ ᠬᠤᠳᠠ ᠶᠢᠨ ᠡᠭᠦᠳᠡᠨ ᠳᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ᠂ ᠲᠦᠩ ᠬᠤᠢ ᠰᠠᠭᠤᠭᠠᠯᠢ ᠠᠷᠠᠳ ᠤᠨ ᠬᠤᠷᠢᠶᠠᠯᠠᠯ᠂ ᠶᠢᠨ ᠬᠤᠸᠠ ᠨᠡᠶᠢᠲᠡ ᠶᠢᠨ ᠪᠠᠶᠢᠷᠢ ᠶᠢᠨ ᠰᠠᠭᠤᠭᠠᠯᠢ ᠠᠷᠠᠳ ᠤᠨ ᠬᠤᠷᠢᠶᠠᠯᠠᠯ᠂ ᠮᠢᠩ ᠽᠤ᠋ ᠶᠠ ᠵᠢᠤᠢ ᠰᠠᠭᠤᠭᠠᠯᠢ ᠠᠷᠠᠳ ᠤᠨ ᠬᠤᠷᠢᠶᠠᠯᠠᠯ᠂ ᠶᠢᠨ ᠶᠤᠸᠠᠨ ᠪᠠᠷᠠᠭᠤᠨ ᠲᠣᠭᠤᠷᠢᠭ ᠤᠨ ᠰᠠᠭᠤᠭᠠᠯᠢ ᠠᠷᠠᠳ ᠤᠨ ᠬᠤᠷᠢᠶᠠᠯᠠᠯ᠂ ᠱᠢᠶᠠᠩ ᠲᠠᠢ ᠬᠤᠸᠠ ᠶᠤᠸᠠᠨ ᠵᠡᠷᠭᠡ ᠰᠠᠭᠤᠭᠠᠯᠢ ᠠᠷᠠᠳ ᠤᠨ ᠬᠤᠷᠢᠶᠠᠯᠠᠯ ᠳᠤ ᠬᠦᠷᠴᠦ᠂ ᠰᠠᠭᠤᠭᠠᠯᠢ ᠠᠷᠠᠳ ᠤᠨ ᠬᠤᠷᠢᠶᠠᠯᠠᠯ ᠤᠨ ᠬᠠᠮᠢᠶᠠᠷᠤᠨ ᠡᠵᠡᠮᠳᠡᠬᠦ᠂ ᠺᠠᠳ᠋ᠷ ᠳᠠᠭᠠᠭᠠᠴᠢᠯᠠᠨ ᠬᠠᠷᠢᠯᠴᠠᠬᠤ᠂ ᠤᠯᠠᠨ ᠲᠦᠮᠡᠨ ᠤ ᠠᠮᠢᠳᠤᠷᠠᠯ ᠢ ᠪᠠᠲᠤᠯᠠᠬᠤ ᠵᠡᠷᠭᠡ ᠪᠣᠳᠠᠲᠠᠢ ᠪᠠᠶᠢᠳᠠᠯ ᠢ ᠨᠠᠷᠢᠨ ᠠᠰᠠᠭᠤᠵᠤ᠂ ᠬᠡᠰᠡᠭ ᠰᠠᠭᠤᠭᠠᠯᠢ ᠠᠷᠠᠳ ᠤᠨ ᠬᠤᠷᠢᠶᠠᠯᠠᠯ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ ᠭᠦᠢᠴᠡᠳ ᠪᠤᠰᠤ᠂ ᠠᠵᠢᠯ ᠤᠨ ᠡᠩᠨᠡᠭᠡ ᠬᠠᠮᠲᠤᠷᠠᠯ ᠬᠦᠴᠦᠨ ᠪᠤᠯᠵᠦ ᠪᠦᠷᠢᠯᠳᠦᠭ᠌ᠰᠡᠨ ᠦᠭᠡᠢ᠂ ᠠᠵᠢᠯᠲᠠᠳ ᠰᠠᠭᠤᠭᠠᠯᠢ ᠠᠷᠠᠳ ᠤᠨ ᠬᠤᠷᠢᠶᠠᠯᠠᠯ ᠤᠨ ᠪᠠᠶᠢᠳᠠᠯ ᠢ ᠣᠨᠣᠪᠴᠢᠲᠠᠢ ᠡᠵᠡᠮᠰᠢᠭᠰᠡᠨ ᠦᠭᠡᠢ ᠵᠡᠷᠭᠡ ᠠᠰᠠᠭᠤᠳᠠᠯ ᠢ ᠲᠤᠬᠠᠢ ᠶᠢᠨ ᠲᠠᠯᠠᠪᠠᠢ ᠲᠤ ᠵᠢᠭᠠᠵᠤ ᠭᠠᠷᠭᠠᠬᠤ ᠶᠢᠨ ᠬᠠᠮᠲᠤ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃      ᠸᠠᠩ ᠯᠢ ᠰᠢᠶᠠ᠂ ᠡᠯ᠎ᠡ ᠱᠠᠲᠤᠨ ᠤ ᠺᠠᠳ᠋ᠷᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠳᠤ ᠪᠠᠶᠢᠵᠤ ᠠᠵᠢᠯ ᠤᠨ ᠪᠠᠶᠢᠷᠢ ᠪᠠᠨ ᠰᠠᠬᠢᠬᠤ ᠪᠠᠶᠢᠳᠠᠯ ᠢᠶᠠᠨ ᠪᠠᠳᠤᠯᠠᠵᠤ᠂ ᠬᠠᠷᠢᠭᠤᠴᠠᠵᠤ ᠪᠠᠶᠢᠭ᠎ᠠ ᠰᠠᠭᠤᠭᠠᠯᠢ ᠠᠷᠠᠳ ᠤᠨ ᠬᠤᠷᠢᠶᠠᠯᠠᠯ ᠤᠨ ᠨᠠᠰᠤᠲᠠᠢᠴᠤᠳ᠂ ᠬᠡᠦᠬᠡᠳ᠂ ᠵᠢᠷᠮᠦᠰᠦᠨ ᠪᠠ ᠬᠥᠩᠭᠡᠵᠢᠭᠰᠡᠨ ᠡᠮᠡᠭᠲᠡᠶᠢᠴᠦᠳ᠂ ᠰᠠᠭᠤᠷᠢ ᠡᠪᠡᠳᠴᠢᠨ ᠲᠠᠢ ᠡᠪᠡᠳᠴᠢᠲᠡᠨ ᠵᠡᠷᠭᠡ ᠡᠯ᠎ᠡ ᠲᠥᠷᠥᠯ ᠤᠨ ᠬᠥᠮᠥᠰ ᠤᠨ ᠲᠤᠬᠠᠢ ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠲᠠᠩᠰᠠ ᠲᠠᠢ  ᠪᠠᠶᠢᠵᠤ᠂ ᠬᠥᠮᠦᠨ ᠤ ᠲᠤᠭ᠎ᠠ ᠲᠣᠳᠣᠷᠬᠠᠢ᠂ ᠬᠥᠮᠦᠨ ᠤ ᠪᠠᠶᠢᠳᠠᠯ ᠲᠣᠳᠣᠷᠬᠠᠢ᠂ ᠣᠷᠣᠨ ᠪᠠᠶᠢᠷᠢ ᠲᠣᠳᠣᠷᠬᠠᠢ᠂ ᠪᠠᠶᠢᠳᠠᠯ ᠲᠣᠳᠣᠷᠬᠠᠢ᠂ ᠡᠭᠦᠷᠭᠡ ᠬᠠᠷᠢᠭᠤᠴᠠᠯᠭ᠎ᠠ ᠲᠣᠳᠣᠷᠬᠠᠢ  ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠡᠳᠭᠢᠯ ᠲᠠᠯᠪᠢᠨ ᠦᠢᠯᠡᠴᠢᠯᠡᠵᠦ᠂ ᠦᠨᠡᠨ ᠰᠡᠳᠭᠢᠯ ᠠᠴᠠ ᠪᠠᠨ ᠦᠢᠯᠡᠴᠢᠯᠡᠵᠦ᠂ ᠰᠠᠶᠢᠲᠤᠷ ᠦᠢᠯᠡᠴᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠡᠬᠡ ᠲᠠᠩᠰᠠ ᠶᠢ ᠪᠠᠶᠢᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠯᠠᠨ ᠲᠦᠮᠡᠨ ᠤ ᠦᠨᠳᠦᠰᠦᠨ ᠠᠮᠢᠳᠤᠷᠠᠯ ᠪᠣᠯᠤᠨ ᠡᠪᠡᠳᠴᠢᠨ ᠦᠵᠡᠭᠦᠯᠵᠦ ᠡᠮ ᠬᠡᠷᠡᠭᠯᠡᠬᠦ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠢ᠃ ᠤᠯᠠᠨ ᠲᠦᠮᠡᠨ ᠢ ᠢᠲᠡᠭᠡᠵᠦ᠂ ᠤᠯᠠᠨ ᠲᠦᠮᠡᠨ ᠳᠤ ᠲᠦᠰᠢᠭᠯᠡᠵᠦ᠂ ᠤᠯᠠᠨ ᠲᠦᠮᠡᠨ ᠢ ᠳᠠᠶᠢᠴᠢᠯᠠᠵᠤ᠂ ᠥᠷᠭᠡᠨ ᠤᠯᠠᠨ ᠲᠦᠮᠡᠨ ᠢ ᠳᠠᠶᠢᠴᠢᠯᠠᠨ ᠠᠭᠤᠰᠤᠯᠴᠠᠭᠤᠯᠵᠤ᠂ ᠳᠠᠶᠢᠯᠠᠯᠳᠤᠭᠠᠨ ᠳᠤ ᠣᠷᠣᠯᠴᠠᠭᠤᠯᠤᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ᠂ ᠰᠡᠳᠭᠢᠯ ᠨᠢᠭᠡᠳᠦᠨ ᠬᠢᠵᠢᠭ ᠲᠠᠢ ᠲᠡᠮᠡᠴᠡᠬᠦ ᠬᠦᠴᠦᠷᠬᠡᠭ ᠶᠡᠭᠡ ᠢᠲᠡᠭᠡᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠤᠨᠲ ᠳᠤ ᠦᠨᠡᠨ ᠬᠦ ᠭᠦᠨᠵᠡᠭᠡᠶᠢᠷᠡᠨ᠂ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠨ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠴᠦᠨ ᠢᠶᠠᠨ ᠨᠡᠶᠢᠳᠬᠡᠵᠦ᠂ ᠬᠠᠮᠲᠤᠷᠠᠨ ᠪᠠᠶᠢᠯᠳᠤᠵᠤ᠂ ᠬᠤᠷᠢᠨ ᠵᠦᠢᠯ ᠤᠨ ᠠᠷᠭ᠎ᠠ ᠬᠡᠮᠵᠢᠶ᠎ᠡ ᠪᠠᠷ ᠪᠠᠷᠢᠮᠵᠢᠶᠠᠯᠠᠨ ᠬᠠᠷᠭᠤᠭᠤᠯᠵᠤ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠢ ᠥᠷᠨᠢᠭᠦᠯᠬᠦ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ