ᠭᠦᠭᠡᠬᠤᠲᠠ ᠶᠢᠨ ᠬᠢᠵᠢᠭ ᠢ ᠬᠡᠵᠢᠶ᠎ᠡ ᠳᠠᠷᠤᠵᠤ ᠳᠡᠶᠢᠯᠳᠡᠭ ᠪᠣᠯ︖ - ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ᠤᠨ ᠡᠷᠭᠢᠯᠡᠭᠴᠢ ᠰᠣᠷᠪᠤᠯᠵᠢᠯᠠᠭ᠎ᠠ ᠬᠦᠯᠢᠶᠡᠯ᠎ᠡ
ᠨᠡᠶᠢᠲᠡᠯᠡᠭᠰᠡᠨ ᠴᠠᠭ᠄
2022/11/16
      ᠡᠯ᠎ᠡ ᠲᠠᠯ᠎ᠠ ᠶᠢᠨ ᠬᠢᠨ ᠤ ᠴᠢᠷᠮᠠᠶᠢᠯᠭ᠎ᠠ ᠪᠠᠷ ᠭᠦᠭᠡᠬᠤᠲᠠ ᠶᠢᠨ ᠬᠢᠵᠢᠭ ᠤᠨ ᠪᠠᠶᠢᠳᠠᠯ ᠤᠨ ᠲᠦᠷᠭᠡᠨ ᠳᠡᠯᠭᠡᠷᠡᠬᠦ ᠬᠠᠨᠳᠤᠰᠢ ᠬᠤᠷᠢᠭᠯᠠᠭᠳᠠᠪᠠ᠃ ᠭᠡᠪᠡᠴᠦ ᠣᠳᠣᠬᠠᠨ ᠳᠤ ᠬᠢᠵᠢᠭ ᠤᠨ ᠬᠠᠯᠳᠠᠪᠤᠷᠢᠯᠠᠯ ᠪᠠᠭᠤᠷᠠᠬᠤ ᠦᠭᠡᠢ ᠪᠠᠶᠢᠵᠤ᠂ ᠨᠡᠶᠢᠭᠡᠮ ᠤᠨ ᠲᠠᠯ᠎ᠠ ᠳᠤ ᠳᠠᠷᠬᠠᠨ ᠳᠡᠯᠭᠡᠷᠡᠬᠦ ᠠᠶᠤᠯ ᠲᠦᠭᠰᠢᠭᠦᠷᠢ  ᠪᠠᠰᠠ ᠣᠷᠣᠰᠢᠵᠤ ᠪᠠᠶᠢᠨ᠎ᠠ᠃ ᠡᠶᠢᠮᠦ ᠪᠠᠶᠢᠳᠠᠯ ᠢ ᠪᠤᠢ ᠪᠤᠯᠭᠠᠬᠰᠠᠨ ᠰᠢᠯᠲᠠᠭᠠᠨ ᠨᠢ ᠶᠠᠭᠤ ᠪᠤᠢ︖ ᠭᠦᠭᠡᠬᠤᠲᠠ ᠶᠢᠨ ᠬᠢᠵᠢᠭ ᠤᠨ ᠪᠠᠶᠢᠳᠠᠯ ᠢ ᠬᠡᠵᠢᠶ᠎ᠡ ᠨᠡᠶᠢᠭᠡᠮ ᠤᠨ ᠲᠠᠯ᠎ᠠ ᠳᠤ ᠦᠭᠡᠢ ᠪᠤᠯᠭᠠᠵᠦ ᠳᠡᠶᠢᠯᠭᠦ  ᠪᠤᠢ︖ 11 ᠰᠠᠷ᠎ᠠ ᠶᠢᠨ 13  ᠤ ᠣᠷᠣᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠭᠢᠯᠡᠭᠴᠢ ᠰᠢᠦᠢ ᠬᠤᠩ ᡁᠢ ᠡᠨᠡ ᠲᠤᠬᠠᠢ ᠰᠣᠷᠪᠤᠯᠵᠢᠯᠠᠭ᠎ᠠ ᠬᠦᠯᠢᠶᠡᠯ᠎ᠡ᠃      ᠰᠢᠦᠢ ᠬᠤᠩ ᡁᠢ ᠭᠡᠯᠡᠭᠦ  ᠳᠡᠭᠡᠨ᠂ ᠣᠳᠣᠬᠠᠨ ᠳᠤ ᠭᠦᠭᠡᠬᠤᠲᠠ ᠶᠢᠨ ᠣᠯᠠᠩᠬᠢ ᠬᠠᠯᠳᠠᠪᠤᠷᠢᠯᠠᠭᠳᠠᠭᠴᠢ ᠨᠢ ᠴᠥᠮ ᠲᠤᠰᠠᠭᠠᠷᠯᠠᠬᠤ ᠴᠡᠭ ᠪᠠ ᠠᠶᠤᠯ ᠲᠦᠭᠰᠢᠭᠦᠷᠢ ᠶᠡᠬᠡᠲᠡᠢ ᠬᠠᠮᠢᠶᠠᠷᠤᠨ ᠡᠵᠡᠮᠳᠡᠬᠦ ᠣᠷᠣᠨ ᠠᠴᠠ ᠭᠠᠷᠤᠭᠰᠠᠨ ᠪᠤᠯᠪᠠᠴᠤ ᠠᠶᠤᠯ ᠲᠦᠭᠰᠢᠭᠦᠷᠢ ᠪᠠᠭᠠᠲᠠᠢ ᠨᠡᠶᠢᠭᠡᠮ ᠲᠣᠭᠤᠷᠢᠭ ᠠᠴᠠ ᠮᠥᠨ ᠬᠦ ᠡᠳᠦᠷ ᠪᠦᠷᠢ ᠬᠡᠳᠦᠨ ᠠᠷᠪᠠ ᠪᠠᠷ ᠭᠠᠷᠴᠤ ᠪᠠᠶᠢᠨ᠎ᠠ᠂ ᠡᠨᠡ ᠨᠢ ᠨᠡᠶᠢᠭᠡᠮ ᠲᠣᠭᠤᠷᠢᠭ ᠤᠨ ᠬᠠᠯᠳᠠᠪᠤᠷᠢᠯᠠᠯ ᠢ ᠲᠠᠰᠤᠯᠤᠭᠠᠳᠤᠢ ᠪᠠᠶᠢᠬᠤ ᠶᠢ ᠬᠠᠷᠠᠭᠤᠯᠵᠤ ᠪᠠᠶᠢᠨ᠎ᠠ᠃ ᠡᠶᠢᠮᠦᠷᠬᠦᠦ ᠪᠠᠶᠢᠳᠠᠯ ᠢ ᠪᠤᠢ ᠪᠤᠯᠭᠠᠬᠰᠠᠨ ᠨᠢ ᠭᠤᠣᠯᠳᠠᠭᠤ ᠬᠡᠳᠦᠨ ᠲᠠᠯ᠎ᠠ ᠶᠢᠨ ᠰᠢᠯᠲᠠᠭᠠᠨ ᠲᠠᠢ᠄ ᠨᠢᠭᠲᠠ ᠣᠶᠢᠷᠠᠲᠤᠭᠴᠢ ᠶᠢ ᠴᠠᠭ ᠲᠤᠬᠠᠢ ᠳᠤᠨᠢ ᠰᠢᠯᠵᠢᠭᠦᠯᠦᠨ ᠬᠦᠷᠭᠡᠵᠦ ᠳᠡᠶᠢᠯᠭᠦ ᠦᠭᠡᠢ᠂ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠶᠢ ᠴᠠᠭ ᠲᠤᠬᠠᠢ ᠳᠤᠨᠢ ᠲᠣᠭᠲᠠᠭᠰᠠᠨ ᠡᠮᠨᠡᠯᠭᠡ ᠶᠢᠨ ᠬᠤᠷᠢᠶ᠎ᠠ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠬᠦᠷᠭᠡᠵᠦ ᠠᠪᠤᠷᠠᠨ ᠵᠠᠰᠠᠵᠤ ᠳᠡᠶᠢᠯᠭᠦ ᠦᠭᠡᠢ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠳᠤ ᠪᠠᠰᠠ ᠬᠦᠷᠦᠯᠴᠡᠬᠦ ᠦᠭᠡᠢ ᠲᠠᠯ᠎ᠠ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠭ᠎ᠠ ᠠᠴᠠ ᠪᠣᠯᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠭᠦᠭᠡᠬᠤᠲᠠ ᠳᠤ ᠭᠦᠨᠵᠡᠭᠡᠶᠢᠷᠡᠨ ᠬᠠᠮᠲᠤᠷᠠᠨ ᠠᠵᠢᠯᠯᠠᠵᠤ᠂ ᠵᠢᠯᠤᠭᠤᠳᠬᠤ ᠰᠢᠰᠲ᠋ᠧᠮ ᠢ ᠰᠢᠯᠤᠭᠤᠳᠬᠠᠨ ᠴᠢᠩᠭᠠᠳᠬᠠᠵᠤ᠂ ᠮᠤᠵᠢ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠨ ᠡᠯ᠎ᠡ ᠠᠵᠢᠯᠯᠠᠬᠤ ᠳᠤᠭᠤᠶᠢᠯᠠᠩ ᠢ ᠳᠠᠭᠠᠭᠤᠯᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠯᠣᠭᠤᠳᠤᠨ ᠲᠣᠬᠢᠷᠠᠭᠤᠯᠵᠤ᠂ ᠵᠢᠯᠣᠭᠤᠳᠤᠭᠴᠢ ᠮᠥᠷᠲᠡᠭᠡᠨ ᠪᠠᠶᠢᠯᠳᠤᠭᠴᠢ ᠪᠣᠯᠵᠤ᠂ ᠰᠡᠷᠭᠡᠶᠢᠯᠡᠨ ᠡᠵᠡᠮᠳᠡᠬᠦ ᠪᠠᠶᠢᠳᠠᠯ ᠢ ᠲᠦᠷᠭᠡᠬᠡᠨ ᠬᠤᠪᠢᠷᠠᠭᠤᠯᠬᠤ ᠪᠠᠷ ᠴᠢᠷᠮᠠᠶᠢᠪᠠ᠃      ︽ᠨᠡᠶᠢᠭᠡᠮ ᠤᠨ ᠲᠠᠯ᠎ᠠ ᠳᠤ ᠪᠠᠰᠠ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠢᠵᠢᠭ ‍ᠦ᠊‍ᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤᠰᠬᠠᠶᠢᠯᠠᠨ ︿ᠭᠤᠷᠪᠠᠨ ᠲᠦᠷᠭᠡᠨ ᠨᠢᠭᠡ ᠴᠢᠩᠭ᠎ᠠ﹀  ᠶᠢ ᠳᠤᠷᠠᠳᠴᠤ᠂ ᠲᠦᠷᠭᠡᠨ ᠪᠠᠶᠢᠴᠠᠭᠠᠬᠤ᠂ ᠲᠦᠷᠭᠡᠨ ᠰᠢᠯᠵᠢᠭᠦᠯᠭᠦ᠂ ᠲᠦᠷᠭᠡᠨ ᠲᠤᠰᠠᠭᠠᠷᠯᠠᠬᠤ᠂ ᠴᠢᠩᠭ᠎ᠠ ᠬᠠᠮᠢᠶᠠᠷᠬᠤ ᠳᠤ ᠬᠦᠴᠦ ᠪᠠᠨ ᠲᠥᠪᠯᠡᠷᠡᠭᠦᠯᠵᠦ᠂ ᠳᠣᠣᠷ᠎ᠠ ᠠᠴᠠ ᠳᠡᠭᠡᠭᠰᠢ ᠪᠠᠨ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ ᠲᠠᠯ᠎ᠠ  ᠠᠴᠠ ᠠᠷᠢᠯᠭᠠᠬᠤ  ᠶᠢ ᠲᠦᠷᠭᠡᠨ ᠪᠡᠶᠡᠯᠡᠭᠦᠯᠬᠦ ᠶᠢ ᠱᠠᠭᠠᠷᠳᠠᠵᠠᠢ︾ ᠭᠡᠵᠦ ᠰᠢᠦᠢ ᠬᠤᠩ ᡁᠢ ᠬᠡᠯᠡᠪᠡ᠃      ᠲᠡᠷᠡ ᠲᠠᠨᠢᠯᠴᠠᠭᠤᠯᠬᠤ  ᠳᠠᠭᠠᠨ᠂ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ ᠪᠥᠭᠡᠮ ᠬᠦᠴᠢᠯ ᠤᠨ ᠪᠠᠶᠢᠴᠠᠭᠠᠯᠲᠠ ᠶᠢ 24 ᠴᠠᠭ ᠤᠨ ᠳᠣᠲᠣᠷ᠎ᠠ ᠪᠡᠶᠡᠯᠡᠭᠦᠯᠵᠦ᠂ ᠨᠢᠭᠲᠠ ᠣᠶᠢᠷᠠᠲᠤᠭᠴᠢ  ᠶᠢ ᠲᠤᠬᠠᠢ ᠶᠢᠨ ᠡᠳᠦᠷ ᠲᠤᠨᠢ ᠰᠢᠯᠵᠢᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠶᠢ ᠲᠤᠬᠠᠢ ᠶᠢᠨ ᠡᠳᠦᠷ ᠲᠤᠨᠢ ᠲᠣᠭᠲᠠᠭᠰᠠᠨ ᠡᠮᠨᠡᠯᠭᠡ ᠶᠢᠨ ᠬᠤᠷᠢᠶ᠎ᠠ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠭᠦᠷᠭᠡᠭᠦ ᠬᠡᠷᠡᠭᠲᠡᠢ᠃ ᠡᠭᠦᠨ ᠤ ᠬᠠᠮᠲᠤ᠂ ᠰᠢᠨ᠎ᠡ ᠪᠠᠷ ᠨᠡᠶᠢᠲᠡᠯᠡᠭᠰᠡᠨ ᠬᠤᠷᠢᠨ ᠵᠤᠷᠪᠤᠰ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ᠂ ᠥᠨᠳᠥᠷ ᠲᠦᠭᠰᠢᠭᠦᠷᠢᠲᠡᠢ ᠭᠠᠵᠠᠷ ᠣᠷᠣᠨ ᠢ ᠳᠠᠭᠢᠨ ᠡᠮᠬᠢᠯᠡᠨ ᠬᠤᠪᠢᠶᠠᠷᠢᠯᠠᠵᠤ᠂ ᠭᠤᠣᠯᠳᠠᠭᠤ ᠠᠰᠠᠷ ᠢᠶᠠᠷ ᠨᠢᠭᠡᠴᠢ ᠪᠣᠯᠭᠠᠨ᠂ ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ ᠦᠢᠯᠡᠴᠢᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠤᠭ ᠤᠨ ᠣᠬᠤᠷ ᠬᠤᠭᠤᠴᠠᠭᠠᠨ ᠳᠤ ᠨᠡᠶᠢᠭᠡᠮ ᠤᠨ ᠲᠠᠯ᠎ᠠ ᠳᠤ ᠦᠭᠡᠢ ᠪᠤᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃      ᠭᠦᠭᠡᠬᠤᠲᠠ ᠶᠢᠨ ᠨᠡᠶᠢᠭᠡᠮ ᠤᠨ ᠲᠠᠯ᠎ᠠ ᠶᠢᠨ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠶᠢᠨ ᠲᠤᠭ᠎ᠠ ᠲᠠᠰᠤᠷᠠᠯᠲᠠ ᠦᠭᠡᠢ ᠪᠠᠭᠠᠰᠬᠤ ᠶᠢ ᠳᠠᠭᠠᠯᠳᠤᠨ᠂ ᠭᠡᠲᠦ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠠᠯᠬᠤᠮ ᠠᠯᠬᠤᠮ ᠢᠶᠠᠷ ᠨᠡᠭᠡᠭᠡᠭᠳᠡᠵᠦ᠂ ᠳᠣᠣᠷ᠎ᠠ ᠲᠦᠭᠰᠢᠭᠦᠷᠢᠲᠡᠢ ᠰᠠᠭᠤᠭᠠᠯᠢ ᠲᠣᠭᠤᠷᠢᠭ ᠤᠨ ᠲᠤᠭ᠎ᠠ  ᠤᠯᠠᠮ  ᠢᠶᠠᠷ ᠨᠡᠮᠡᠭᠳᠡᠵᠦ᠂ ᠬᠤᠲᠠ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠶᠠᠭ ᠰᠡᠷᠭᠦᠵᠦ ᠪᠠᠶᠢᠨ᠎ᠠ᠃ ︽ᠭᠡᠪᠡᠴᠦ ᠣᠯᠠᠨ ᠢᠶᠠᠷ ᠢᠶᠠᠨ ᠠᠮᠠᠪᠴᠢ ᠪᠠᠨ ᠰᠠᠶᠢᠲᠤᠷ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠴᠤᠭᠯᠠᠷᠠᠬᠤ ᠦᠭᠡᠢ ᠪᠠᠶᠢᠬᠤ ᠶᠢ ᠡᠷᠬᠡᠪᠰᠢ ᠠᠩᠬᠠᠷᠬᠤ ᠬᠡᠷᠡᠭᠲᠡᠢ︾ ᠭᠡᠵᠦ ᠰᠢᠦᠢ ᠬᠤᠩ ᡁᠢ ᠰᠠᠨᠠᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ