ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠤᠯᠤᠰ ᠤᠨ ᠬᠤᠶᠠᠳᠤᠭᠠᠷ ᠪᠦᠯᠦᠭ ᠤᠨ ︽ᠠᠷᠪᠢᠯᠠᠬᠤ ᠭᠡᠯᠪᠡᠷᠢ ᠶᠢᠨ ᠪᠠᠶᠢᠭᠤᠯᠭ᠎ᠠ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2022/11/17
      ᠣᠶᠢᠷ᠎ᠠ ᠳᠤ᠂ ᠤᠯᠤᠰ ᠤᠨ  ᠪᠠᠶᠢᠭᠤᠯᠭ᠎ᠠ ᠶᠢᠨ  ᠶᠠᠪᠤᠳᠠᠯ  ᠤᠨ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ   ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ᠤᠯᠤᠰ ᠤᠨ ᠬᠤᠶᠠᠳᠤᠭᠠᠷ ᠪᠦᠯᠦᠭ ᠤᠨ ᠠᠷᠪᠢᠯᠠᠬᠤ ᠭᠡᠯᠪᠡᠷᠢ ᠶᠢᠨ ᠪᠠᠶᠢᠭᠤᠯᠭ᠎ᠠ ᠶᠢᠨ ᠨᠡᠷᠡᠰ ᠢ ᠨᠡᠶᠢᠲᠡᠯᠡᠵᠦ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠤᠯᠤᠰ ᠤᠨ ᠬᠤᠶᠠᠳᠤᠭᠠᠷ ᠪᠦᠯᠦᠭ ᠤᠨ ︽ᠠᠷᠪᠢᠯᠠᠬᠤ ᠭᠡᠯᠪᠡᠷᠢ ᠶᠢᠨ ᠪᠠᠶᠢᠭᠤᠯᠭ᠎ᠠ︾  ᠶᠢᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃      ᠣᠶᠢᠷ᠎ᠠ ᠶᠢᠨ ᠵᠢᠯ ᠳᠤ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠠᠶᠢᠭᠤᠯᠭ᠎ᠠ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠵᠢᠯᠯᠠᠭᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠪᠢᠯᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠡᠭᠦᠨ ᠤ ᠬᠠᠮᠲᠤ ᠪᠠᠶᠢᠭᠤᠯᠭ᠎ᠠ ᠶᠢᠨ ᠪᠦᠭᠦ ᠺᠠᠳ᠋ᠷ ᠠᠵᠢᠯᠲᠠᠨ ᠤ ᠳᠤᠮᠳᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠠᠷᠪᠢᠲᠠᠢ ᠬᠤᠭᠤᠯᠠᠯᠠᠬᠤ ᠠᠵᠢᠯᠯᠠᠭ᠎ᠠ᠂ ᠪᠣᠬᠢᠷᠳᠤᠯ ᠦᠭᠡᠢ ᠶᠠᠪᠤᠵᠤ ᠰᠠᠭᠤᠬᠤ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃      ᠣᠶᠢᠯᠠᠭᠠᠭᠰᠠᠨ ᠢᠶᠠᠷ᠂ ᠣᠳᠣᠬᠠᠨ ᠳᠤ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠪᠢᠯᠠᠬᠤ ᠭᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠪᠠᠨ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠠᠵᠢᠯᠴᠢ ᠭᠦᠳᠡᠯᠮᠦᠷᠢᠴᠢ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠪᠢᠯᠠᠬᠤ ᠭᠡᠯᠪᠡᠷᠢ ᠶᠢᠨ ᠪᠠᠶᠢᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ