ᠥᠨᠳᠥᠷ ᠲᠦᠭᠰᠢᠭᠦᠷᠢᠲᠡᠢ ᠣᠷᠣᠨ ᠢ ᠬᠡᠷᠬᠢᠨ ᠵᠠᠭᠠᠭᠯᠠᠨ ᠲᠣᠭᠲᠠᠭᠠᠬᠤ ᠪᠤᠶ︖ ᠳᠣᠣᠷ᠎ᠠ ᠲᠦᠭᠰᠢᠭᠦᠷᠢᠲᠡᠢ ᠣᠷᠣᠨ ᠢ ᠬᠡᠷᠬᠢᠨ ᠬᠠᠮᠢᠶᠠᠷᠬᠤ ᠪᠤᠶ︖ | ︽ᠬᠤᠷᠢᠨ ᠵᠤᠷᠪᠤᠰ ᠠᠷᠭ᠎ᠠ ᠬᠡᠮᠵᠢᠶ᠎ᠡ︾ ᠲᠠᠢ ᠤᠶᠠᠯᠳᠤᠭᠤᠯᠤᠨ ᠠᠯᠢ ᠠᠯᠢ ᠲᠠᠯ᠎ᠠ ᠪᠠᠷ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠢᠯᠢᠳᠡᠭᠵᠢᠭᠦᠯᠦᠨ | ᠳᠡᠭᠡᠭᠰᠢᠯᠡᠭᠦᠯᠦᠭᠰᠡᠨ ᠪᠤᠶ︖ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵77 ᠳ᠋ᠤᠭᠠᠷ | ᠲᠠᠯᠠᠪᠠᠢ︶ ᠳᠡᠭᠡᠷ᠎ᠡ᠂ ᠭᠦᠭᠡᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠸᠠᠩ ᠶᠦᠩ ᠡᠭᠦᠨ ᠤ | ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃ | ᠸᠠᠩ ᠶᠦᠩ ᠤᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ ᠨᠡᠩ ᠤᠯᠠᠨ ᠰᠠᠭᠤᠭᠠᠯᠢ ᠲᠣᠭᠤᠷᠢᠭ ᠤᠨ ᠲᠦᠭᠰᠢᠭᠦᠷᠢ ᠶᠢᠨ ᠲᠡᠰ ᠢ | ᠪᠠᠭᠤᠷᠠᠭᠤᠯᠤᠨ ᠪᠢᠲᠡᠭᠦᠮᠵᠢᠯᠡᠯ ᠢ ᠲᠠᠶᠢᠯᠬᠤ ᠶᠢ ᠳᠠᠭᠠᠯᠳᠤᠨ᠂ ᠤᠯᠠᠨ ᠲᠦᠮᠡᠨ ᠥᠨᠳᠥᠷ ᠲᠦᠭᠰᠢᠭᠦᠷᠢᠲᠡᠢ ᠣᠷᠣᠨ ᠢ ᠬᠡᠷᠬᠢᠨ ᠵᠠᠭᠠᠭᠯᠠᠨ ᠲᠣᠭᠲᠠᠭᠠᠬᠤ ᠲᠤᠬᠠᠢ | ᠠᠰᠠᠭᠤᠳᠠᠯ ᠢ ᠮᠠᠰᠢ ᠶᠡᠭᠡ ᠠᠩᠬᠠᠷᠴᠤ ᠪᠠᠶᠢᠨ᠎ᠠ᠃ ︽ᠬᠤᠷᠢᠨ ᠵᠤᠷᠪᠤᠰ ᠠᠷᠭ᠎ᠠ ᠬᠡᠮᠵᠢᠶ᠎ᠡ︾ ᠳᠤ ᠥᠨᠳᠥᠷ ᠲᠦᠭᠰᠢᠭᠦᠷᠢᠲᠡᠢ ᠣᠷᠣᠨ ᠢ ᠶᠡᠷᠦ ᠳᠡᠭᠡᠨ ᠠᠰᠠᠷ ᠤᠨ | ᠤᠷᠤᠴᠠ᠂ ᠠᠰᠠᠷ ᠢᠶᠠᠷ ᠨᠢᠭᠡᠴᠢ ᠪᠣᠯᠭᠠᠨ ᠵᠠᠭᠠᠭᠯᠠᠨ ᠲᠣᠭᠲᠠᠭᠠᠵᠤ᠂ ᠬᠢᠵᠢᠭ ᠲᠠᠷᠬᠠᠬᠤ ᠠᠶᠤᠯ ᠲᠦᠭᠰᠢᠭᠦᠷᠢ ᠲᠣᠳᠣᠷᠬᠠᠢ ᠦᠭᠡᠢ ᠪᠤᠶᠤ ᠨᠡᠶᠢᠭᠡᠮ ᠲᠣᠭᠤᠷᠢᠭ ᠲᠤ | ᠥᠷᠭᠡᠨ ᠢᠶᠠᠷ ᠳᠠᠷᠬᠠᠨ ᠳᠡᠯᠭᠡᠷᠡᠬᠦ ᠪᠠᠶᠢᠳᠠᠯ ᠣᠷᠣᠰᠢᠵᠤ ᠪᠠᠶᠢᠬᠤ ᠪᠠᠶᠢᠳᠠᠯ ᠳᠣᠣᠷ᠎ᠠ᠂ ᠥᠨᠳᠥᠷ ᠲᠦᠭᠰᠢᠭᠦᠷᠢᠲᠡᠢ ᠣᠷᠣᠨ ᠢᠶᠠᠷ ᠵᠠᠭᠠᠭᠯᠠᠨ ᠲᠣᠭᠲᠠᠭᠠᠬᠤ | ᠬᠡᠪᠴᠢᠶ᠎ᠡ ᠶᠢ ᠵᠣᠬᠢᠰᠲᠠᠢ ᠥᠷᠭᠡᠳᠬᠡᠵᠦ ᠪᠣᠯᠣᠨ᠎ᠠ ᠭᠡᠵᠡᠢ᠃ ᠣᠳᠣᠬᠠᠨ ᠳᠤ ᠭᠦᠭᠡᠬᠤᠲᠠ ᠶᠢᠨ ᠨᠡᠶᠢᠭᠡᠮ ᠲᠣᠭᠤᠷᠢᠭ ᠲᠠᠬᠢ ᠬᠢᠵᠢᠭ ᠤᠨ ᠳᠠᠮᠵᠢᠭᠤᠯᠭ᠎ᠠ ᠶᠢᠨ | ᠬᠡᠯᠬᠢᠶ᠎ᠡ ᠶᠢ ᠪᠠᠰᠠ ᠪᠦᠷᠢᠮᠦᠰᠦᠨ ᠲᠠᠰᠤᠯᠤᠭᠠᠳᠤᠢ ᠪᠠᠶᠢᠭᠰᠠᠭᠠᠷ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠡᠮᠵᠢᠨ᠂ ᠥᠨᠳᠥᠷ ᠲᠦᠭᠰᠢᠭᠦᠷᠢᠲᠡᠢ ᠣᠷᠣᠨ | ᠢᠶᠠᠷ ᠵᠠᠭᠠᠭᠯᠠᠨ ᠲᠣᠭᠲᠠᠭᠠᠬᠤ ᠠᠵᠢᠯ ᠢ ᠵᠣᠬᠢᠰᠲᠠᠢ ᠥᠷᠭᠡᠳᠬᠡᠵᠦ᠂ ᠰᠠᠭᠤᠭᠠᠯᠢ ᠲᠣᠭᠤᠷᠢᠭ ᠪᠠ ᠠᠰᠠᠷ ᠢᠶᠠᠷ ᠨᠢᠭᠡᠴᠢ ᠪᠣᠯᠭᠠᠨ ᠥᠨᠳᠥᠷ ᠲᠦᠭᠰᠢᠭᠦᠷᠢᠲᠡᠢ | ᠣᠷᠣᠨ ᠢᠶᠠᠷ ᠵᠠᠭᠠᠭᠯᠠᠨ ᠲᠣᠭᠲᠠᠭᠠᠵᠤ ᠪᠠᠶᠢᠨ᠎ᠠ᠃ ᠥᠨᠳᠥᠷ ᠲᠦᠭᠰᠢᠭᠦᠷᠢᠲᠡᠢ ᠣᠷᠣᠨ ᠳᠤ ᠪᠢᠳᠡ ᠭᠡᠷ ᠠᠴᠠ ᠪᠠᠨ ᠭᠠᠷᠬᠤ ᠦᠭᠡᠢ᠂ ᠭᠡᠷ ᠲᠤᠨᠢ ᠬᠦᠷᠴᠦ | ᠦᠢᠯᠡᠴᠢᠯᠡᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠳᠣᠣᠷ᠎ᠠ ᠲᠦᠭᠰᠢᠭᠦᠷᠢᠲᠡᠢ ᠣᠷᠣᠨ ᠳᠤ ︽ᠬᠤᠪᠢ ᠬᠥᠮᠥᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠴᠤᠭᠯᠠᠷᠠᠬᠤ ᠠᠴᠠ ᠵᠠᠶᠢᠯᠠᠰᠬᠢᠬᠦ︾ | ᠶᠢ ᠵᠢᠷᠤᠮᠯᠠᠭᠰᠠᠨ ᠤᠷᠢᠲᠠᠯ ᠳᠣᠣᠷ᠎ᠠ ᠰᠠᠭᠤᠭᠠᠯᠢ ᠠᠷᠠᠳ ᠨᠢᠭᠡᠨᠲᠡ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠣᠨ᠎ᠠ᠂ ᠬᠥᠮᠥᠨ ᠬᠠᠷ᠎ᠠ᠂ ᠲᠡᠷᠭᠡ ᠬᠥᠰᠬᠡ | ᠰᠠᠭᠤᠭᠠᠯᠢ ᠲᠣᠭᠤᠷᠢᠭ ᠢᠶᠠᠷ ᠣᠷᠣᠵᠤ ᠭᠠᠷᠬᠤ ᠳᠠᠭᠠᠨ ᠲᠣᠰ ᠰᠠᠭᠤᠭᠠᠯᠢ ᠲᠣᠭᠤᠷᠢᠭ ᠤᠨ ᠢᠶᠠᠨ ᠣᠷᠣᠵᠤ ᠭᠠᠷᠬᠤ ᠺᠠᠷᠲ ᠢᠶᠠᠨ ᠠᠪᠴᠤ᠂ ᠭᠦᠭᠡᠬᠤᠲᠠ ᠶᠢᠨ | ᠺᠣᠳ᠋ ᠢ ᠰᠢᠷᠪᠢᠵᠦ᠂ ᠠᠮᠠᠪᠴᠢ ᠪᠠᠨ ᠵᠡᠭᠦᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ︵ᠲᠡᠷᠭᠡᠨ ᠳᠡᠭᠡᠷᠡᠬᠢ ᠠᠶᠠᠨᠴᠢᠨ ᠨᠢᠭᠡ | ᠪᠦᠷᠢ ᠶᠢ ᠴᠥᠮ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠬᠤ ᠬᠡᠷᠡᠭᠲᠡᠢ︶ ᠶᠢ ᠪᠠᠶᠢᠴᠠᠭᠠᠨ ᠰᠢᠯᠭᠠᠬᠤ ᠬᠡᠷᠡᠭᠲᠡᠢ᠃ ᠠᠳᠡ ᠰᠠᠨᠠᠭᠤᠯᠬᠤ ᠨᠢ᠂ ᠪᠢᠲᠡᠭᠦᠮᠵᠢᠯᠡᠯ ᠢ | ᠲᠠᠶᠢᠯᠤᠭᠰᠠᠨ ᠨᠢ ᠰᠡᠷᠭᠡᠶᠢᠯᠡᠯᠲᠡ ᠶᠢ ᠲᠠᠶᠢᠯᠤᠭᠰᠠᠨ ᠶᠠᠪᠤᠳᠠᠯ ᠪᠢᠰᠢ᠂ ᠣᠯᠠᠨ ᠢᠶᠠᠷ ᠢᠶᠠᠨ ᠭᠠᠳᠠᠭᠰᠢ ᠭᠠᠷᠬᠤ ᠳᠠᠭᠠᠨ ᠲᠣᠭᠤᠷᠢᠭ ᠠᠯᠤᠰᠯᠠᠨ ᠶᠠᠪᠤᠵᠤ ᠰᠠᠭᠤᠬᠤ | ᠦᠭᠡᠢ᠂ ᠶᠠᠭᠤᠮ᠎ᠠ ᠬᠤᠳᠠᠯᠳᠤᠨ ᠠᠪᠬᠤ᠂ ᠡᠪᠡᠳᠴᠢᠨ ᠦᠵᠡᠭᠦᠯᠭᠦ ᠳᠡᠭᠡᠨ ᠴᠦ ᠬᠤᠪᠢ ᠬᠥᠮᠥᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ | ᠴᠤᠭᠯᠠᠷᠠᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠭᠡᠷᠡᠭᠲᠡᠶ ︔ ᠠᠵᠢᠯᠯᠠᠵᠤ ᠪᠠᠶᠢᠭ᠎ᠠ ᠰᠠᠭᠤᠭᠠᠯᠢ ᠠᠷᠠᠳ ᠡᠳᠦᠷ ᠪᠦᠷᠢ ᠠᠯᠢ ᠪᠤᠯᠬᠤ ᠪᠠᠷ ᠭᠡᠷ ᠪᠠ | ᠠᠵᠢᠯᠯᠠᠬᠤ ᠭᠠᠵᠠᠷ ᠤᠨ ᠬᠤᠭᠤᠷᠣᠨᠳᠤ ᠯᠡ ᠶᠠᠪᠤᠬᠤ ᠶᠢ ᠪᠠᠲᠤᠯᠠᠨ᠎ᠠ ︔ ᠭᠠᠳᠠᠨ᠎ᠠ ᠠᠴᠠ ᠬᠤᠳᠠᠯᠳᠤᠨ ᠠᠪᠤᠭᠰᠠᠨ ᠠᠮᠢᠳᠤᠷᠠᠯ ᠤᠨ ᠡᠳ᠋ ᠪᠣᠳᠠᠰ ᠢ ᠴᠤ ᠰᠠᠶᠢᠲᠤᠷ | ᠠᠷᠢᠭᠤᠳᠬᠠᠬᠤ ᠬᠡᠷᠡᠭᠲᠡᠢ᠃ | ᠬᠠᠮᠢᠶᠠᠷᠤᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠰᠠᠶᠢᠲᠤᠷ ᠬᠢᠬᠦ ᠶᠢᠨ ᠬᠠᠮᠲᠤ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢᠶᠠᠨ | ᠤᠯᠠᠮ ᠴᠢᠨᠠᠭᠰᠢᠳᠠ ᠲᠡᠭᠡᠭᠰᠢᠯᠡᠭᠦᠯᠵᠦ ᠪᠠᠶᠢᠨ᠎ᠠ᠃ | ﹡ᠣᠳᠣᠬᠠᠨ ᠳᠤ ᠺᠠᠳ᠋ᠷᠴᠤᠳ ᠢ ᠰᠠᠭᠤᠭᠠᠯᠢ ᠲᠣᠭᠤᠷᠢᠭ᠂ ᠰᠠᠭᠤᠭᠠᠯᠢ ᠠᠷᠠᠳ ᠤᠨ ᠬᠤᠯᠪᠤᠭ᠎ᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠲᠤ︽ᠭᠤᠷᠪᠠ ᠳᠤ | ᠣᠷᠣᠭᠤᠯᠬᠤ︾ᠠᠵᠢᠯᠯᠠᠭ᠎ᠠ ᠥᠷᠨᠢᠭᠦᠯᠵᠦ᠂ ᠡᠯ᠎ᠡ ᠱᠠᠲᠤᠨ ᠤ ᠺᠠᠳ᠋ᠷᠴᠤᠳ ᠨᠢᠭᠡᠨᠲᠡ ᠥᠨᠳᠥᠷ ᠳᠣᠣᠷ᠎ᠠ ᠲᠦᠭᠰᠢᠭᠦᠷᠢᠲᠡᠢ ᠰᠠᠭᠤᠭᠠᠯᠢ ᠠᠷᠠᠳ ᠤᠨ ᠲᠣᠭᠤᠷᠢᠭ ᠲᠤ | ᠣᠷᠣᠬᠤ ᠶᠢᠨ ᠬᠠᠮᠲᠤ ᠰᠠᠭᠤᠭᠠᠯᠢ ᠠᠷᠠᠳ ᠤᠨ ᠵᠢᠷᠭᠢᠶ᠎ᠡ ᠶᠢᠨ ᠬᠤᠯᠪᠤᠭ᠎ᠠ ᠳᠤ ᠣᠷᠣᠵᠤ᠂ ᠣᠯᠠᠨ ᠳᠤ ᠡᠯ᠎ᠡ ᠵᠦᠢᠯ ᠤᠨ ᠦᠢᠯᠡᠴᠢᠯᠡᠭᠡ ᠬᠠᠩᠭᠠᠬᠤ ᠪᠠᠷ | ᠴᠢᠷᠮᠠᠶᠢᠵᠤ ᠪᠠᠶᠢᠨ᠎ᠠ᠃ | ﹡ᠭᠡᠷᠪᠡ ᠲᠠ ᠰᠡᠳᠬᠢᠴᠡ ᠶᠢᠨ ᠵᠢᠯᠣᠭᠤᠳᠤᠯᠭ᠎ᠠ ᠭᠢᠯᠭᠡᠭᠦ ᠴᠢᠬᠤᠯᠠᠲᠠᠢ ᠪᠣᠯ 12320 - 5 ᠳᠤ ᠤᠲᠠᠰᠤᠳᠠᠵᠤ ᠪᠣᠯᠣᠨ᠎ᠠ᠂ ᠲᠤᠰᠬᠠᠢ ᠮᠡᠷᠭᠡᠵᠢᠯᠲᠡᠨ | ᠴᠠᠭ ᠲᠤᠬᠠᠢ ᠳᠤᠨᠢ ᠲᠠᠨ ᠳᠤ ᠰᠡᠳᠬᠢᠴᠡ ᠶᠢᠨ ᠲᠤᠰᠠᠯᠠᠮᠵᠢ ᠬᠠᠩᠭᠠᠨ᠎ᠠ᠃ | ﹡ᠵᠢᠷᠮᠦᠰᠦᠨ ᠪᠦᠰᠡᠭᠦᠢ᠂ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯᠭ᠎ᠠ ᠭᠢᠯᠭᠡᠵᠦ ᠪᠠᠶᠢᠭ᠎ᠠ ᠡᠪᠡᠳᠴᠢᠲᠡᠨ᠂ ᠤᠵᠢᠭ ᠡᠪᠡᠳᠴᠢᠨ ᠲᠠᠢ | ᠡᠪᠡᠳᠴᠢᠲᠡᠨ ᠵᠡᠷᠭᠡ ᠣᠨᠴᠠᠭᠠᠶ ᠬᠥᠮᠥᠰ ᠴᠠᠭ ᠲᠤᠬᠠᠢ ᠳᠤᠨᠢ ᠨᠡᠶᠢᠭᠡᠮ ᠲᠣᠭᠤᠷᠢᠭ ᠲᠤ ᠳᠠᠩᠰᠠᠯᠠᠭᠤᠯᠵᠤ᠂ ᠲᠡᠳᠡᠨᠡᠷ ᠲᠤ ᠰᠠᠭᠠᠳ ᠦᠭᠡᠢ ᠨᠡᠪᠲᠡᠷᠡᠬᠦ ᠵᠠᠮ | ᠨᠡᠭᠡᠭᠡᠵᠦ᠂ ᠴᠠᠭ ᠲᠤᠬᠠᠢ ᠳᠤᠨᠢ ᠡᠮᠨᠡᠭᠦᠯᠭᠦ᠂ ᠡᠮᠨᠡᠨ ᠵᠠᠰᠠᠬᠤ ᠳᠤ ᠲᠥᠭᠦᠮ ᠦᠵᠡᠭᠦᠯᠦᠨ᠎ᠡ᠃ | ﹡ᠭᠡᠷᠪᠡ ᠵᠢᠷᠦᠬᠡ ᠲᠠᠷᠢᠬᠢᠨ ᠰᠤᠳᠠᠯ ᠤᠨ ᠡᠪᠡᠳᠴᠢᠨ ᠤ ᠭᠡᠨᠡᠳᠲᠡ ᠶᠢᠨ ᠬᠡᠷᠡᠭ᠂ ᠬᠥᠩᠭᠡᠵᠢᠬᠦ᠂ ᠬᠠᠯᠠᠭᠠᠭᠰᠠᠨ ᠰᠢᠷᠬ᠎ᠠ ᠪᠤᠶᠤ ᠬᠤᠣᠷᠳᠠᠭᠳᠠᠬᠤ ᠵᠡᠷᠭᠡ | ᠪᠠᠴᠢᠮ ᠪᠠᠶᠢᠳᠠᠯ ᠲᠣᠬᠢᠶᠠᠯᠳᠤᠪᠠᠯ᠂ ᠴᠠᠭ ᠲᠤᠬᠠᠢ ᠳᠤᠨᠢ ᠡᠮ ᠡᠮᠨᠡᠯᠭᠡ ᠶᠢᠨ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠨ᠎ᠠ᠃ | ﹡ᠣᠨᠴᠠᠭᠠᠢ ᠬᠥᠮᠥᠰ ᠪᠠ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠳᠤ ᠨᠡᠶᠢᠭᠡᠮ ᠲᠣᠭᠤᠷᠢᠭ ᠤᠨ ᠬᠢᠨ ᠴᠥᠮ ᠭᠤᠣᠯᠳᠠᠯᠭ᠎ᠠ ᠲᠠᠢ ᠬᠥᠮᠥᠰ ᠤᠨ | ᠡᠬᠡ ᠲᠠᠩᠰᠠ ᠪᠠᠶᠢᠭᠤᠯᠵᠠᠢ᠃ ᠶᠠᠮᠠᠷᠪᠠ ᠬᠦᠴᠢᠷᠳᠡᠯ ᠪᠠ ᠠᠰᠠᠭᠤᠳᠠᠯ ᠳᠤ ᠲᠤᠯᠭᠠᠷᠠᠪᠠᠯ ᠴᠠᠭ ᠲᠤᠬᠠᠢ ᠳᠤᠨᠢ ᠨᠡᠶᠢᠭᠡᠮ ᠲᠣᠭᠤᠷᠢᠭ ᠤᠨ ᠠᠵᠢᠯᠲᠠᠨ ᠲᠠᠢ | ᠬᠠᠷᠢᠯᠴᠠᠵᠤ ᠪᠣᠯᠣᠨ᠎ᠠ᠂ ᠯᠠᠪᠲᠠᠢ ᠴᠠᠭ ᠲᠤᠬᠠᠢ ᠳᠤᠨᠢ ᠲᠦᠷᠭᠡᠨ ᠰᠢᠢᠳᠪᠦᠷᠢᠯᠡᠵᠦ ᠥᠭᠭᠦᠨ᠎ᠡ ᠭᠡᠵᠡᠢ᠃ |