50269 ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2022/11/18
      ᠭᠦᠭᠡᠬᠤᠲᠠ᠄ ᠲᠤᠬᠠᠢ ᠶᠢᠨ ᠭᠠᠵᠠᠷ ᠤᠨ ᠡᠪᠡᠳᠴᠢᠲᠡᠨ 77᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 888 ᠰᠢᠨ᠎ᠡ ᠪᠠᠷ ᠨᠡᠮᠡᠭᠳᠡᠵᠡᠢ᠂ 177 ᠥᠨᠳᠥᠷ ᠲᠦᠭᠰᠢᠭᠦᠷᠢᠲᠡᠢ ᠣᠷᠣᠨ ᠢ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠲᠣᠬᠢᠷᠠᠭᠤᠯᠪᠠ      ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ( 76 ᠳ᠋ᠤᠭᠠᠷ ᠲᠠᠯᠠᠪᠠᠢ ) ᠳᠡᠭᠡᠷ᠎ᠡ ᠨᠡᠶᠢᠲᠡᠯᠡᠭᠰᠡᠨ ᠢᠶᠠᠷ᠂ 11 ᠰᠠᠷ᠎ᠠ ᠶᠢᠨ 16 ᠤ ᠡᠳᠦᠷ ᠤᠨ 0 ᠠᠴᠠ 24 ᠴᠠᠭ ᠪᠤᠯᠲᠠᠯ᠎ᠠ᠂ ᠭᠦᠭᠡᠬᠤᠲᠠ ᠳᠤ ᠲᠤᠬᠠᠢ ᠶᠢᠨ ᠭᠠᠵᠠᠷ ᠤᠨ ᠡᠪᠡᠳᠴᠢᠲᠡᠨ 77᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 888 ᠰᠢᠨ᠎ᠡ ᠪᠠᠷ ᠨᠡᠮᠡᠭᠳᠡᠵᠡᠢ᠃ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠬᠳᠠᠬᠰᠠᠳ ᠤᠨ ᠳᠣᠲᠣᠷ᠎ᠠ 891 ᠵᠢᠱᠢᠶ᠎ᠡ ᠨᠢ ᠲᠤᠰᠠᠭᠠᠷᠯᠠᠨ ᠬᠠᠮᠢᠶᠠᠷᠴᠤ ᠡᠵᠡᠮᠳᠡᠵᠦ ᠪᠠᠶᠢᠭ᠎ᠠ ᠬᠥᠮᠥᠨ ᠤ ᠳᠣᠲᠣᠷ᠎ᠠ ᠠᠴᠠ ᠪᠠᠶᠢᠴᠠᠭᠠᠨ ᠭᠠᠷᠭᠠᠵᠠᠢ᠃ ᠲᠤᠰ ᠡᠳᠦᠷ 87 ᠲᠤᠬᠠᠢ ᠶᠢᠨ ᠭᠠᠵᠠᠷ ᠤᠨ ᠡᠪᠡᠳᠴᠢᠲᠡᠨ ᠢᠯᠠᠷᠢᠰᠢᠵᠤ ᠡᠮᠨᠡᠯᠭᠡ ᠠᠴᠠ ᠭᠠᠷᠴᠤ᠂ 1725 ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠃      11 ᠰᠠᠷ᠎ᠠ ᠶᠢᠨ 16 ᠤ ᠡᠳᠦᠷ᠂ ᠭᠦᠭᠡᠬᠤᠲᠠ 102 ᠳᠣᠣᠷ᠎ᠠ ᠲᠦᠭᠰᠢᠭᠦᠷᠢᠲᠡᠢ ᠣᠷᠣᠨ ᠢ ᠥᠨᠳᠥᠷ ᠲᠦᠭᠰᠢᠭᠦᠷᠢᠲᠡᠢ ᠣᠷᠣᠨ ᠪᠣᠯᠭᠠᠨ᠂ 177 ᠥᠨᠳᠥᠷ ᠲᠦᠭᠰᠢᠭᠦᠷᠢᠲᠡᠢ ᠣᠷᠣᠨ ᠢ ᠳᠣᠣᠷ᠎ᠠ ᠲᠦᠭᠰᠢᠭᠦᠷᠢᠲᠡᠢ ᠣᠷᠣᠨ ᠪᠣᠯᠭᠠᠨ ᠲᠣᠬᠢᠷᠠᠭᠤᠯᠪᠠ᠃      ᠭᠦᠭᠡᠬᠤᠲᠠ ᠶᠢᠨ 50269 ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ ᠪᠠᠶᠢᠨ᠎ᠠ      ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠺᠠᠳ᠋ᠷᠴᠤᠳ ᠭᠦᠭᠡᠬᠤᠲᠠ ᠶᠢᠨ ᠡᠯ᠎ᠡ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠨ ᠨᠡᠮᠡᠷᠢᠯᠡᠵᠦ ᠪᠤᠢ᠃ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ( 76 ᠳ᠋ᠤᠭᠠᠷ ᠲᠠᠯᠠᠪᠠᠢ ) ᠳᠡᠭᠡᠷ᠎ᠡ᠂ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠪᠤᠯᠠᠭ ᠲᠠᠨᠢᠯᠴᠠᠭᠤᠯᠬᠤ ᠳᠠᠭᠠᠨ᠂ ᠬᠢᠵᠢᠭ ᠭᠠᠷᠤᠭᠰᠠᠨ ᠠᠴᠠ ᠨᠠᠭᠠᠰᠢ ᠭᠦᠭᠡᠬᠤᠲᠠ ᠤᠯᠤᠰ ᠤᠨ ᠠᠵᠢᠯᠯᠠᠬᠤ ᠳᠤᠭᠤᠶᠢᠯᠠᠩ᠂ ᠣᠷᠣᠨ ᠬᠤᠲᠠ ᠶᠢᠨ ᠬᠤᠶᠠᠷ ᠱᠠᠲᠤᠨ ᠤ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠪᠣᠯᠣᠨ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠳᠠᠶᠢᠴᠢᠯᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠪᠦᠭᠦ ᠲᠠᠯ᠎ᠠ ᠪᠠᠷ ᠳᠠᠶᠢᠴᠢᠯᠠᠵᠤ ᠬᠢᠵᠢᠭ ᠢ ᠰᠡᠷᠭᠡᠶᠢᠯᠡᠨ ᠡᠵᠡᠮᠳᠡᠬᠦ ᠳᠠᠶᠢᠨ ᠳᠤ ᠣᠷᠣᠯᠴᠠᠭᠤᠯᠵᠤ᠂︽ᠭᠦᠭᠡᠬᠤᠲᠠ ᠶᠢ ᠬᠠᠮᠠᠭᠠᠯᠠᠬᠤ ᠳᠠᠶᠢᠯᠠᠯᠳᠤᠭᠠᠨ︾ ᠢ ᠰᠠᠶᠢᠲᠤᠷ ᠬᠢᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠣᠳᠣᠬᠠᠨ ᠳᠤ ᠪᠦᠭᠦ ᠬᠤᠲᠠ ᠶᠢᠨ ᠨᠡᠶᠢᠲᠡ 50269 ᠺᠠᠳ᠋ᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ ᠪᠠᠶᠢᠨ᠎ᠠ᠃ ᠣᠶᠢᠷ᠎ᠠ ᠳᠤ ᠳᠠᠭᠠᠭᠠᠴᠢᠯᠠᠨ ᠬᠤᠯᠪᠣᠭᠠᠯᠠᠬᠤ ᠺᠠᠳ᠋ᠷ ᠢ ︽ᠡᠮᠨᠡᠯᠭᠡ ᠶᠢᠨ ᠬᠤᠷᠢᠶᠠᠨ ᠳᠤ ᠣᠷᠣᠭᠤᠯᠬᠤ᠂ ᠬᠤᠯᠪᠣᠭᠠᠨ ᠳᠤ ᠣᠷᠣᠭᠤᠯᠬᠤ᠂ ᠬᠢᠵᠢᠭ ᠤᠨ ᠳᠠᠶᠢᠨ ᠤ ᠲᠠᠯᠠᠪᠤᠷ ᠲᠤ ᠣᠷᠣᠭᠤᠯᠬᠤ︾ ᠶᠢᠨ ᠲᠣᠭᠤᠷᠢᠨ ᠳᠤ ᠭᠤᠣᠯᠳᠠᠭᠤ ᠳᠣᠣᠷᠠᠬᠢ ᠮᠡᠲᠦ ᠠᠵᠢᠯ ᠤᠳ ᠢ ᠬᠢᠪᠡ ᠭᠡᠵᠦ ᠪᠠᠶᠢᠯ᠎ᠠ᠃      ᠨᠢᠭᠡ ᠳᠤ᠂ ︽ᠠᠵᠢᠯᠲᠠᠨ ᠤ ᠬᠦᠴᠦᠨ ᠬᠦᠷᠦᠯᠴᠡᠬᠦ ᠦᠭᠡᠢ︾ᠠᠰᠠᠭᠤᠳᠠᠯ ᠳᠤ ᠴᠢᠭᠯᠡᠭᠦᠯᠦᠨ᠂ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠪᠦᠭᠦ ᠬᠦᠴᠦᠨ ᠢᠶᠠᠷ ᠰᠠᠶᠢᠲᠤᠷ ᠠᠳᠬᠤᠪᠠ᠃ 11 ᠰᠠᠷ᠎ᠠ ᠶᠢᠨ 16 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠲᠣᠭᠤᠷᠢᠭ ᠤᠨ ᠭᠤᠷᠪᠠᠨ ᠱᠠᠲᠤᠨ ᠤ ᠬᠢᠨ ᠨᠡᠶᠢᠲᠡ 6762 ᠳᠠᠭᠠᠭᠠᠴᠢᠯᠠᠨ ᠬᠤᠯᠪᠣᠭᠠᠯᠠᠬᠤ ᠴᠡᠭ ᠲᠤ ᠰᠠᠭᠤᠬᠤ ᠺᠠᠳ᠋ᠷ ᠢ ᠰᠣᠩᠭᠤᠨ ᠲᠣᠮᠢᠯᠠᠵᠤ᠂ 3.6 ᠲᠦᠮᠡᠨ ᠠᠵᠢᠯ ᠤᠨ ᠪᠠᠶᠢᠷᠢ ᠳᠡᠭᠡᠷ᠎ᠡ ᠪᠠᠨ ᠪᠠᠶᠢᠬᠤ ᠨᠠᠮ ᠤᠨ ᠭᠡᠰᠢᠭᠦᠨ ᠢ ᠳᠠᠶᠢᠴᠢᠯᠠᠵᠤ᠂ ᠦᠨᠳᠦᠰᠦᠨ ᠱᠠᠲᠤᠨ ᠤ ᠠᠵᠢᠯᠲᠠᠨ ᠤ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠢ ᠨᠠᠮᠳᠠᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠭᠦᠭᠡᠬᠤᠲᠠ ᠳᠤ ᠳᠡᠮᠵᠢᠯᠭᠡ ᠦᠵᠡᠭᠦᠯᠭᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠢᠩᠬᠢᠮ ᠲᠣᠪᠴᠢᠶ᠎ᠠ ᠠᠴᠠ 287 ᠺᠠᠳ᠋ᠷ ᠢ ᠰᠣᠩᠭᠤᠨ ᠲᠣᠮᠢᠯᠠᠵᠤ᠂ 138 ᠰᠠᠭᠤᠭᠠᠯᠢ ᠲᠣᠭᠤᠷᠢᠭ ᠲᠤ ᠰᠢᠭᠤᠳ ᠣᠴᠢᠭᠤᠯᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠠᠵᠢᠯ ᠢ ᠬᠠᠪᠰᠤᠷᠤᠨ  ᠠᠬᠢᠭᠤᠯᠪᠠ᠃ ᠡᠭᠦᠨ ᠤ ᠬᠠᠮᠲᠤ᠂ ᠭᠦᠭᠡᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ  ᠠᠴᠠ 525 ᠺᠠᠳ᠋ᠷ ᠢ ᠪᠠᠴᠢᠮ ᠰᠢᠯᠵᠢᠭᠦᠯᠦᠨ ᠵᠣᠴᠢᠳ ᠤᠨ ᠪᠠᠭᠤᠳᠠᠯ᠂ ᠭᠤᠣᠯᠳᠠᠯᠭ᠎ᠠ ᠲᠠᠢ ᠰᠠᠭᠤᠭᠠᠯᠢ ᠲᠣᠭᠤᠷᠢᠭ ᠲᠤ ᠣᠴᠢᠭᠤᠯᠵᠤ᠂ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠠᠢ᠃      ᠬᠤᠶᠠᠷ ᠲᠤ᠂ ︽ᠦᠢᠯᠡᠳᠦᠯ  ᠢ ᠪᠦᠲᠦᠮᠵᠢᠲᠡᠢ ᠪᠠᠳᠠᠷᠠᠭᠤᠯᠬᠤ︾ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠵᠢᠯᠣᠭᠤᠳᠤᠯᠭ᠎ᠠ ᠶᠢ ᠪᠦᠭᠦ ᠶᠠᠪᠤᠴᠠ ᠳᠤ ᠴᠢᠩᠭᠠᠳᠬᠠᠪᠠ᠃ ᠳᠠᠭᠠᠭᠠᠴᠢᠯᠠᠨ ᠬᠤᠯᠪᠣᠭᠠᠯᠠᠬᠤ ᠺᠠᠳ᠋ᠷ ᠲᠤ ︽ᠠᠵᠢᠯ ᠤᠨ ᠵᠢᠯᠣᠭᠤᠳᠤᠮᠵᠢ︾ ᠲᠣᠭᠲᠠᠭᠠᠨ ᠥᠭᠴᠦ᠂ ᠪᠥᠭᠡᠮ ᠬᠦᠴᠢᠯ ᠤᠨ ᠦᠯᠢᠭᠡᠷ ᠠᠪᠬᠤ᠂ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ᠂ ᠣᠨᠴᠠ ᠬᠠᠯᠠᠮᠵᠢᠯᠠᠯ ᠦᠵᠡᠭᠦᠯᠭᠦ ᠵᠡᠷᠭᠡ 7 ᠲᠥᠷᠥᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠡᠰ ᠳᠠᠷᠠᠭᠠᠯᠠᠯ ᠢ ᠨᠢ ᠵᠦᠢᠯ ᠳᠠᠷᠠᠭᠠᠯᠠᠨ ᠰᠢᠯᠢᠳᠡᠭᠵᠢᠭᠦᠯᠵᠦ᠂ ᠲᠡᠳᠡᠨ ᠤ ᠦᠷ᠎ᠡ ᠪᠦᠲᠦᠮᠵᠢᠲᠡᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠨᠢ ᠬᠠᠪᠰᠤᠷᠤᠨ ᠳᠡᠮᠵᠢᠪᠡ᠃ ᠨᠡᠶᠢᠭᠡᠮ ᠲᠣᠭᠤᠷᠢᠭ ᠤᠨ ᠺᠠᠳ᠋ᠷ ᠲᠤ ︽1+8+N︾ ᠰᠠᠭᠤᠭᠠᠯᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠯᠳᠤᠭᠠᠨ ᠬᠢᠬᠦ ᠰᠢᠰᠲ᠋ᠧᠮ ᠢ ᠪᠠᠶᠢᠭᠤᠯᠤᠨ ᠥᠭᠴᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ︽ᠳᠣᠲᠣᠭᠠᠳᠤ ᠲᠠᠯᠠᠪᠤᠷ︾ ᠲᠤ ᠣᠷᠣᠵᠤ ᠠᠵᠢᠯᠯᠠᠬᠤ ᠶᠢ ᠱᠠᠭᠠᠷᠳᠠᠵᠤ᠂ ᠣᠨᠴᠠᠭᠠᠶᠢᠯᠠᠨ ᠣᠨᠴᠠᠭᠠᠢ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠪᠠᠶᠢᠳᠠᠯ ᠢ ᠠᠩᠬᠠᠷᠬᠤ ᠪᠠᠷ ᠴᠢᠬᠤᠯᠠ ᠡᠭᠦᠷᠭᠡ ᠪᠠᠨ ᠪᠤᠯᠭᠠᠵᠤ᠂ ᠬᠠᠯᠠᠮᠵᠢᠯᠠᠬᠤ᠂ ᠠᠮᠢᠳᠤᠷᠠᠯ ᠢ ᠨᠢ ᠪᠠᠲᠤᠯᠠᠬᠤ᠂ ᠰᠡᠳᠬᠢᠴᠡ ᠶᠢᠨ ᠵᠢᠯᠣᠭᠤᠳᠤᠯᠭ᠎ᠠ ᠬᠢᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃      ᠭᠤᠷᠪᠠ ᠳᠤ᠂ ︽ᠣᠯᠠᠨ ᠲᠦᠮᠡᠨ ᠤ ᠬᠦᠰᠡᠯ ᠱᠠᠭᠠᠷᠳᠠᠯᠭ᠎ᠠ  ᠶᠢ ᠰᠢᠢᠳᠪᠦᠷᠢᠯᠡᠬᠦ︾ ᠠᠰᠠᠭᠤᠳᠠᠯ ᠳᠤ ᠴᠢᠭᠯᠡᠭᠦᠯᠦᠨ᠂ ᠳᠠᠭᠠᠭᠠᠴᠢᠯᠠᠨ ᠬᠤᠯᠪᠣᠭᠠᠯᠠᠬᠤ ᠺᠠᠳ᠋ᠷᠴᠤᠳ ᠤᠨ ︽ᠭᠤᠷᠪᠠ  ᠳᠤ ᠣᠷᠣᠭᠤᠯᠬᠤ︾᠂ ︽ᠬᠤᠶᠠᠷ ᠠᠰᠠᠭᠤᠳᠠᠯ︾  ᠢ ᠰᠢᠢᠳᠪᠦᠷᠢᠯᠡᠬᠦ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠪᠡ᠃ ᠣᠷᠣᠨ ᠬᠤᠲᠠ ᠶᠢᠨ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 11 ᠰᠠᠷ᠎ᠠ ᠶᠢᠨ 15 ᠤ ᠡᠳᠦᠷ︽ᠭᠤᠷᠪᠠ ᠳᠤ ᠣᠷᠣᠭᠤᠯᠬᠤ︾ ᠠᠵᠢᠯ ᠳᠤ ᠲᠤᠰᠬᠠᠢ ᠪᠠᠶᠢᠷᠢᠯᠠᠭᠤᠯᠤᠯᠲᠠ ᠬᠢᠪᠡ᠃ ︽ᠡᠮᠨᠡᠯᠭᠡ ᠶᠢᠨ ᠬᠤᠷᠢᠶᠠᠨ ᠳᠤ ᠣᠷᠣᠭᠤᠯᠬᠤ︾ ᠲᠠᠯ᠎ᠠ ᠪᠠᠷ᠂ ᠳᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ ᠶᠢᠨ ︽ᠨᠢᠭᠡᠳᠦᠭᠡᠷ ᠭᠠᠷ︾  ᠡᠷᠬᠡᠪᠰᠢ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠳᠠᠭᠠᠭᠠᠴᠢᠯᠠᠨ ᠬᠤᠯᠪᠣᠭᠠᠯᠠᠬᠤ ᠺᠠᠳ᠋ᠷᠴᠤᠳ ᠪᠦᠭᠦ ᠲᠠᠯ᠎ᠠ ᠪᠠᠷ ᠰᠠᠭᠤᠭᠠᠯᠢ ᠲᠣᠭᠤᠷᠢᠭ᠂ ︽ᠴᠡᠭ︾ ᠤᠨ ᠳᠣᠲᠣᠭᠠᠳᠤ ᠲᠠᠯᠠᠪᠤᠷ ᠲᠤ ᠣᠷᠣᠵᠤ ᠰᠠᠭᠤᠬᠤ ᠶᠢ ᠱᠠᠭᠠᠷᠳᠠᠵᠠᠢ᠃ ᠣᠳᠣᠬᠠᠨ ᠳᠤ ᠣᠷᠣᠨ ᠬᠤᠲᠠ ᠶᠢᠨ ᠬᠤᠶᠠᠷ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ 3335 ᠨᠠᠮ ᠤᠨ ᠭᠡᠰᠢᠭᠦᠨ ᠺᠠᠳ᠋ᠷ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠵᠦ ᠠᠵᠢᠯ ᠢᠶᠠᠨ ᠥᠷᠨᠢᠭᠦᠯᠵᠦ ᠪᠠᠶᠢᠨ᠎ᠠ᠃ ︽ᠬᠤᠯᠪᠣᠭᠠᠨ ᠳᠤ ᠤᠷᠤᠭᠤᠯᠬᠤ︾ ᠲᠠᠯ᠎ᠠ ᠪᠠᠷ ᠪᠦᠭᠦ ᠳᠠᠭᠠᠭᠠᠴᠢᠯᠠᠭᠰᠠᠨ ᠺᠠᠳ᠋ᠷ᠂ ᠳᠣᠷᠣᠭᠰᠢ ᠲᠣᠮᠢᠯᠠᠭᠰᠠᠨ ᠺᠠᠳ᠋ᠷ ᠢ ᠱᠠᠭᠠᠷᠳᠠᠨ ᠠᠵᠢᠯ ᠤᠨ ᠬᠤᠯᠪᠤᠭ᠎ᠠ ᠪᠠᠶᠢᠭᠤᠯᠤᠭᠤᠯᠵᠤ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠱᠠᠭᠠᠷᠳᠠᠵᠠᠢ︔ ᠡᠭᠦᠨ ᠤ ᠬᠠᠮᠲᠤ᠂ ᠬᠤᠯᠪᠤᠭ᠎ᠠ ᠠᠪᠤᠭᠴᠢ ᠶᠢᠨ ᠬᠤᠯᠪᠤᠭ᠎ᠠ᠂ ᠨᠢᠭᠡ ᠠᠰᠠᠷ ᠤᠨ ᠬᠢᠨ ᠤ ᠬᠤᠯᠪᠤᠭ᠎ᠠ᠂ ᠰᠠᠭᠤᠭᠠᠯᠢ ᠠᠷᠠᠳ ᠤᠨ ᠬᠤᠯᠪᠤᠭ᠎ᠠ ᠳᠤ ᠣᠷᠣᠵᠤ᠂ ᠣᠯᠠᠨ ᠲᠦᠮᠡᠨ ᠤ ᠰᠢᠭᠦᠮᠵᠢᠯᠡᠯ ᠢ ᠳᠠᠷᠤᠤ ᠬᠢᠴᠢᠶᠡᠩᠭᠦᠢ ᠪᠠᠷ ᠭᠥᠯᠢᠶᠡᠨ ᠠᠪᠴᠤ᠂ ᠣᠯᠠᠨ ᠲᠦᠮᠡᠨ ᠤ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠬᠤ ᠬᠡᠷᠡᠭᠲᠡᠢ ᠭᠡᠵᠡᠢ᠃ 11 ᠰᠠᠷ᠎ᠠ ᠶᠢᠨ 16 ᠤ ᠡᠳᠦᠷ ᠪᠤᠯᠲᠠᠯ᠎ᠠ᠂ 2330  ᠺᠠᠳ᠋ᠷ ᠨᠢᠭᠡᠨᠲᠡ ︽ᠬᠤᠯᠪᠣᠭᠠᠨ ᠳᠤ ᠣᠷᠣᠬᠤ︾ ᠠᠵᠢᠯ ᠢ ᠪᠡᠶᠡᠯᠡᠭᠦᠯᠵᠡᠢ᠃ ︽ᠬᠢᠵᠢᠭ ᠤᠨ ᠳᠠᠶᠢᠨ ᠤ ᠲᠠᠯᠠᠪᠤᠷ  ᠲᠤ ᠣᠷᠣᠭᠤᠯᠬᠤ︾ ᠲᠠᠯ᠎ᠠ ᠪᠠᠷ᠂ ᠪᠠᠭᠤᠳᠠᠯ᠂ ᠠᠵᠤ ᠠᠬᠤᠶᠢᠯᠠᠯ ᠬᠦᠷᠢᠶᠡᠯᠡᠩ ᠲᠣᠭᠤᠷᠢᠭ᠂ ᠪᠠᠷᠢᠯᠭ᠎ᠠ ᠶᠢᠨ ᠭᠠᠵᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠠᠮ ᠬᠠᠷᠢᠯᠴᠠᠭᠠᠨ ᠤ ᠪᠣᠭᠤᠮᠲᠠ᠂ ᠠᠰᠠᠷᠠᠮᠵᠢ ᠶᠢᠨ ᠬᠦᠷᠢᠶᠡᠯᠡᠩ ᠵᠡᠷᠭᠡ ᠭᠤᠣᠯ ᠴᠢᠬᠤᠯᠠ ᠭᠠᠵᠠᠷ ᠪᠣᠯᠣᠨ ᠭᠤᠣᠯ ᠴᠢᠬᠤᠯᠠ ᠬᠥᠮᠥᠰ ᠢ ᠤᠳᠤᠷᠢᠳᠤᠨ ᠳᠠᠭᠠᠭᠤᠯᠬᠤ ᠦᠢᠯᠡᠴᠢᠯᠡᠭᠡ ᠶᠢ ᠡᠷᠴᠢᠮᠵᠢᠭᠦᠯᠵᠦ᠂ 3380 ᠺᠠᠳ᠋ᠷ ᠢ ᠲᠣᠮᠢᠯᠠᠨ ᠴᠡᠭ ᠲᠤ ᠰᠠᠭᠤᠯᠭᠠᠨ ᠳᠠᠭᠠᠭᠠᠴᠢᠯᠠᠨ ᠬᠤᠯᠪᠣᠭᠠᠯᠠᠭᠤᠯᠵᠠᠢ᠃ ᠡᠨᠡᠬᠦ ᠠᠵᠢᠯᠯᠠᠭ᠎ᠠ  ᠶᠢ ᠥᠷᠨᠢᠭᠦᠯᠦᠭᠰᠡᠨ ᠠᠴᠠ ᠨᠠᠭᠠᠰᠢ ᠨᠡᠶᠢᠲᠡ 573 ᠠᠰᠠᠭᠤᠳᠠᠯ ᠢ ᠢᠯᠡᠷᠡᠭᠦᠯᠵᠦ᠂ 558 ᠠᠰᠠᠭᠤᠳᠠᠯ ᠢ ᠰᠢᠢᠳᠪᠦᠷᠢᠯᠡᠨ᠂ ᠠᠰᠠᠭᠤᠳᠠᠯ ᠢ ᠰᠢᠢᠳᠪᠦᠷᠢᠯᠡᠭᠰᠡᠨ ᠨᠣᠷᠮ᠎ᠠ 97.4% ᠳᠤ ᠬᠦᠷᠴᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ