ᠭᠦᠭᠡᠬᠤᠲᠠ᠄ ᠵᠠᠮ ᠲᠡᠭᠡᠭᠡᠪᠦᠷᠢ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠰᠡᠷᠭᠦᠭᠡᠨ᠎ᠡ
ᠨᠡᠶᠢᠲᠡᠯᠡᠭᠰᠡᠨ ᠴᠠᠭ᠄
2022/11/18
      ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ︵76 ᠳ᠋ᠤᠭᠠᠷ ᠲᠠᠯᠠᠪᠠᠶ︶ ᠳᠡᠭᠡᠷ᠎ᠡ᠂ ᠭᠦᠭᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠧᠢ ᠵᠧᠩ ᠮᠣᠣ ᠣᠳᠣᠬᠠᠨ ᠤ ᠭᠦᠭᠡᠬᠤᠲᠠ ᠶᠢᠨ ᠨᠢᠰᠬᠡᠯ᠂ ᠭᠠᠯᠲᠤ ᠲᠡᠷᠭᠡ᠂ ᠬᠤᠯᠠ ᠵᠠᠮ ᠤᠨ ᠠᠶᠠᠨᠴᠢᠳ ᠤᠨ ᠵᠥᠭᠡᠭᠡᠪᠦᠷᠢ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠰᠡᠷᠭᠦᠭᠡᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠲᠣᠬᠢᠷᠠᠭᠤᠯᠤᠯᠲᠠ ᠪᠠᠶᠢᠬᠤ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃      ᠸᠧᠢ ᠵᠧᠩ ᠮᠣᠣ ᠶᠢᠨ ᠲᠠᠨᠢᠯᠴᠠᠭᠤᠯᠤᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠤᠷᠪᠤᠰ ᠠᠷᠭ᠎ᠠ ᠬᠡᠮᠵᠢᠶ᠎ᠡ ᠶᠢᠨ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠭᠠᠯᠲᠠ︵ᠶᠢᠰᠦᠳᠦᠭᠡᠷ ᠬᠡᠪᠯᠡᠯ︶︾ ᠶᠢ ᠦᠨᠳᠦᠰᠦᠯᠡᠨ᠂ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶᠢᠷ᠎ᠠ ᠶᠢᠨ ᠬᠤᠭᠤᠴᠠᠭᠠᠨ ᠳᠤ ᠵᠠᠮ ᠲᠡᠭᠡᠭᠡᠪᠦᠷᠢ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠰᠡᠷᠭᠦᠭᠡᠬᠦ ᠪᠠᠷ ᠲᠥᠯᠥᠪᠯᠡᠵᠦ ᠪᠠᠶᠢᠨ᠎ᠠ ᠭᠡᠵᠡᠢ᠂ ᠭᠤᠣᠯᠳᠠᠭᠤ ᠳᠣᠣᠷᠠᠬᠢ ᠮᠡᠲᠦ ᠪᠠᠷ ᠲᠣᠬᠢᠷᠠᠭᠤᠯᠪᠠ᠄      ᠨᠢᠭᠡ᠂ ᠵᠠᠰᠠᠮᠠᠯ ᠵᠠᠮ ᠤᠨ ᠲᠠᠯ᠎ᠠ ᠪᠠᠷ      ᠡᠨᠡ ᠭᠠᠷᠠᠭ ᠠᠴᠠ ᠡᠬᠢᠯᠡᠨ᠂ ᠬᠤᠲᠠ ᠶᠢᠨ ᠬᠡᠪᠴᠢᠶᠡᠨ ᠳᠠᠬᠢ ᠬᠤᠰᠢᠭᠤ ᠰᠢᠶᠠᠨ ᠤ ᠬᠤᠭᠤᠷᠣᠨᠳᠣᠭᠢ ᠪᠠ ᠬᠤᠰᠢᠭᠤ ᠰᠢᠶᠠᠨ ᠤ ᠬᠡᠪᠴᠢᠶᠡᠨ ᠳᠠᠬᠢ ᠵᠠᠮ ᠬᠠᠷᠢᠯᠴᠠᠭᠠᠨ ᠤ ᠠᠶᠠᠨᠴᠢᠳ ᠤᠨ ᠵᠥᠭᠡᠭᠡᠪᠦᠷᠢ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠰᠡᠷᠭᠦᠭᠡᠨ᠎ᠡ᠂ ᠠᠶᠠᠨᠴᠢᠳ ᠤᠨ ᠵᠥᠭᠡᠭᠡᠪᠦᠷᠢ ᠶᠢᠨ ᠥᠷᠲᠡᠭᠡᠨ ᠤ ᠠᠶᠠᠨᠴᠢᠳ ᠢ ᠲᠥᠯᠥᠪᠯᠡᠭᠰᠡᠨ ᠪᠠᠭᠲᠠᠭᠠᠮᠵᠢ ᠶᠢᠨ 50% ᠶᠢᠨ ᠳᠣᠲᠣᠷ᠎ᠠ ᠬᠢᠵᠠᠭᠠᠷᠯᠠᠵᠤ᠂ ᠠᠶᠠᠨᠴᠢᠳ ᠤᠨ ᠮᠠᠰᠢᠨ ᠤ ᠠᠶᠠᠨᠴᠢᠳ ᠵᠥᠭᠡᠭᠡᠪᠦᠷᠢᠯᠡᠬᠦ ᠨᠣᠷᠮ᠎ᠠ ᠶᠢ 50% ᠶᠢᠨ ᠳᠣᠲᠣᠷ᠎ᠠ ᠬᠢᠵᠠᠭᠠᠷᠯᠠᠨ᠎ᠠ᠃      ᠵᠠᠯᠭᠠᠭᠠᠳ᠂ ᠠᠶᠢᠮᠠᠭ ᠬᠤᠲᠠ  ᠶᠢᠨ ᠬᠤᠭᠤᠷᠣᠨᠳᠣᠭᠢ᠂ ᠮᠤᠵᠢ ᠶᠢᠨ ᠬᠤᠭᠤᠷᠣᠨᠳᠣᠭᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠦᠢᠯᠡᠴᠢᠯᠡᠭᠡ ᠶᠢ ᠠᠯᠬᠤᠮ ᠠᠯᠬᠤᠮ  ᠢᠶᠠᠷ ᠰᠡᠷᠭᠦᠭᠡᠵᠦ᠂ ᠠᠶᠠᠨᠴᠢᠳ  ᠤᠨ ᠵᠥᠭᠡᠭᠡᠪᠦᠷᠢ  ᠶᠢᠨ ᠡᠭᠡᠯᠵᠢ ᠶᠢᠨ ᠱᠤᠭᠤᠮ ᠳᠤ ᠬᠦᠷᠬᠦ ᠪᠠ ᠵᠣᠬᠰᠣᠬᠤ ᠭᠠᠵᠠᠷ ᠤᠨ ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠲᠠᠢ ᠢᠳᠡᠪᠬᠢᠲᠡᠢ ᠵᠣᠯᠭᠠᠭᠤᠯᠵᠤ᠂ ᠵᠥᠪᠰᠢᠶᠡᠷᠡᠭᠰᠡᠨ ᠤ ᠳᠠᠷᠠᠭ᠎ᠠ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠵᠥᠭᠡᠭᠡᠪᠦᠷᠢ ᠶᠢᠨ ᠦᠢᠯᠡᠴᠢᠯᠡᠭᠡ ᠶᠢ ᠡᠮᠬᠢ ᠵᠢᠷᠤᠮ ᠲᠠᠢ ᠪᠠᠷ ᠰᠡᠷᠭᠦᠭᠡᠵᠦ᠂ ᠨᠥᠬᠦᠴᠡᠯ ᠪᠦᠷᠢᠳᠦᠭᠰᠡᠨ ᠨᠢᠭᠡ ᠪᠦᠷᠢ ᠶᠢ ᠰᠡᠷᠭᠦᠭᠡᠵᠦ ᠥᠭᠭᠦᠨ᠎ᠡ᠃      ᠬᠥᠮᠥᠰ ᠤᠨ ᠶᠠᠪᠤᠵᠤ ᠰᠠᠭᠤᠬᠤ ᠲᠡᠷᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠱᠠᠭᠠᠷᠳᠠᠯᠭ᠎ᠠ  ᠳᠤ ᠨᠡᠶᠢᠴᠡᠭᠰᠡᠨ ᠵᠢᠭᠤᠯᠴᠢᠯᠠᠯ  ᠤᠨ ᠳᠠᠭᠠᠭᠠᠴᠢᠯᠠᠭᠰᠠᠨ ᠲᠡᠷᠭᠡᠨ ᠳᠤ ᠵᠠᠮ ᠳᠤ ᠭᠠᠷᠬᠤ ᠠᠶᠠᠨᠴᠢᠳ ᠤᠨ ᠵᠥᠭᠡᠭᠡᠪᠦᠷᠢ ᠶᠢᠨ ᠳᠠᠭᠠᠭᠠᠴᠢᠯᠠᠭᠰᠠᠨ ᠲᠡᠷᠭᠡᠨ ᠤ ᠫᠠᠶᠢᠰᠠ ᠣᠯᠭᠤᠵᠤ᠂ ᠭᠠᠳᠠᠷ ᠮᠤᠵᠢ ᠬᠤᠲᠠ ᠶᠢᠨ ᠭᠦᠭᠡᠬᠤᠲᠠ ᠳᠤ ᠬᠤᠴᠣᠷᠤᠭᠰᠠᠨ ᠬᠥᠮᠥᠰ ᠤᠨ ᠡᠮᠬᠢ ᠵᠢᠷᠤᠮ ᠲᠠᠢ ᠪᠠᠷ ᠨᠤᠲᠤᠭ ᠲᠠᠭᠠᠨ ᠪᠤᠴᠠᠬᠤ ᠶᠢ ᠬᠠᠮᠵᠢᠵᠤ ᠲᠡᠮᠵᠢᠨ᠎ᠡ᠃      ᠬᠤᠶᠠᠷ᠂ ᠲᠡᠮᠦᠷ ᠵᠠᠮ ᠤᠨ ᠲᠠᠯ᠎ᠠ ᠪᠠᠷ      ᠥᠷᠭᠡᠨ ᠣᠯᠠᠨ ᠠᠶᠠᠨᠴᠢᠳ ᠤᠨ ᠭᠠᠳᠠᠭᠰᠢ ᠭᠠᠷᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠬᠤ ᠪᠠᠷ ᠳᠡᠮᠵᠢᠨ᠂ ᠲᠡᠮᠦᠷ ᠵᠠᠮ ᠤᠨ ᠰᠠᠯᠠᠭ᠎ᠠ ᠮᠥᠴᠢᠷ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠢ ᠰᠡᠷᠭᠦᠭᠡᠨ ᠨᠡᠪᠲᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ 11 ᠰᠠᠷ᠎ᠠ ᠶᠢᠨ 17 ᠤ ᠡᠳᠦᠷ ᠪᠠᠰᠠ 2 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠢ ᠰᠡᠷᠭᠦᠭᠡᠨ ᠨᠠᠪᠲᠠᠷᠡᠭᠦᠯᠵᠦ᠂ ᠣᠲᠣ ᠪᠤᠯᠲᠠᠯ᠎ᠠ ᠨᠢᠭᠡᠨᠲᠡ 19 ᠡᠭᠡᠯᠵᠢ ᠶᠢᠨ ᠭᠠᠯᠲᠤ ᠲᠡᠷᠭᠡ ᠠᠶᠠᠯᠠᠪᠠ᠃ 11 ᠰᠠᠷ᠎ᠠ ᠶᠢᠨ 18 ᠤ ᠡᠳᠦᠷ ᠪᠠᠰᠠ ᠰᠢ ᠠᠨ - ᠭᠦᠭᠡᠬᠤᠳᠠ ᠶᠢᠨ ᠵᠡᠭᠦᠨ ᠥᠷᠲᠡᠭᠡ ᠬᠦᠷᠬᠦ D778 ᠡᠭᠡᠯᠵᠢ ᠶᠢ ᠰᠡᠷᠭᠦᠭᠡᠨ ᠨᠡᠪᠲᠡᠷᠡᠭᠦᠯᠬᠦ ᠪᠠᠷ ᠪᠤᠶ᠃ 11 ᠰᠠᠷ᠎ᠠ ᠶᠢᠨ 19 ᠤ ᠡᠳᠦᠷ ᠭᠦᠭᠡᠬᠤᠲᠠ ᠶᠢᠨ ᠵᠡᠭᠦᠨ - ᠰᠢ ᠠᠨ ᠬᠦᠷᠬᠦ D777 ᠡᠭᠡᠯᠵᠢ ᠶᠢ ᠰᠡᠷᠭᠦᠭᠡᠨ ᠨᠡᠪᠲᠡᠷᠡᠭᠦᠯᠦᠨ᠎ᠡ᠃      ᠵᠠᠯᠭᠠᠭᠠᠳ ᠪᠠᠰᠠ ᠡᠳᠦᠷ ᠳᠠᠷᠠᠭᠠᠯᠠᠨ ᠠᠯᠬᠤᠮ ᠠᠯᠬᠤᠮ ᠢᠶᠠᠷ ᠨᠠᠩ ᠣᠯᠠᠨ ᠭᠠᠯᠲᠤ ᠲᠡᠷᠭᠡ ᠶᠢ ᠨᠠᠪᠲᠠᠷᠡᠭᠦᠯᠵᠦ᠂ ᠬᠢᠵᠢᠭ ᠠᠴᠠ ᠡᠮᠦᠨᠡᠬᠢ ᠪᠠᠶᠢᠳᠠᠯ ᠪᠤᠯᠲᠠᠯ᠎ᠠ ᠰᠡᠷᠭᠦᠭᠡᠨ᠎ᠡ᠂ ᠣᠯᠠᠨ ᠢᠶᠠᠷ ᠢᠶᠠᠨ 12306 ᠶᠢᠨ ᠪᠢᠯᠧᠲ ᠬᠤᠳᠠᠯᠳᠤᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠴᠤ᠂ 12306 ᠲᠡᠮᠦᠷ ᠵᠠᠮ ᠤᠨ ᠦᠢᠯᠡᠴᠢᠯᠡᠭᠡᠨ ᠤ ᠯᠠᠪᠯᠠᠬᠤ ᠤᠲᠠᠰᠤ ᠪᠠᠷ ᠳᠠᠮᠵᠢᠭᠤᠯᠤᠨ ᠠᠰᠠᠭᠤᠨ ᠯᠠᠪᠯᠠᠵᠤ ᠪᠣᠯᠣᠨ᠎ᠠ᠃      ᠭᠤᠷᠪᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ      ᠥᠷᠭᠡᠨ ᠣᠯᠠᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠡᠭᠡᠯᠵᠢ ᠶᠢᠨ ᠨᠢᠰᠬᠡᠯ ᠤᠨ ᠰᠡᠷᠭᠦᠭᠡᠨ ᠨᠡᠪᠲᠡᠷᠡᠭᠦᠯᠬᠦ ᠡᠷᠴᠢᠮ ᠢ ᠴᠢᠩᠭᠠᠷᠠᠭᠤᠯᠵᠤ᠂︽ᠠᠭᠠᠷ ᠤᠨ ᠠᠶᠠᠯᠠᠯ︾ ᠢ ᠰᠠᠭᠠᠳ ᠦᠭᠡᠢ ᠨᠡᠪᠲᠡᠷᠡᠭᠦᠯᠦᠨ᠎ᠡ᠃      11 ᠰᠠᠷ᠎ᠠ ᠶᠢᠨ 18 ᠤ ᠡᠳᠦᠷ ᠡᠩ ᠤᠨ ᠡᠭᠡᠯᠵᠢ ᠶᠢᠨ ᠨᠢᠰᠬᠡᠯ ᠢ 29 ᠡᠭᠡᠯᠵᠢ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ᠂ ᠣᠷᠣᠨ ᠤ ᠳᠣᠲᠣᠷᠠᠬᠢ ᠡᠭᠡᠯᠵᠢ ᠶᠢᠨ ᠨᠢᠰᠬᠡᠯ 12 ᠪᠠᠶᠢᠵᠤ᠂ ᠬᠠᠶᠢᠯᠠᠷ᠂ ᠤᠯᠠᠭᠠᠨᠬᠤᠲᠠ ᠵᠡᠷᠭᠡ 8 ᠠᠭᠠᠷ ᠤᠨ ᠠᠶᠠᠯᠠᠯ ᠤᠨ ᠴᠡᠭ ᠢ ᠰᠡᠷᠭᠦᠭᠡᠬᠦ ᠪᠣᠯᠣᠨ᠎ᠠ᠃ ᠣᠷᠣᠨ ᠤ ᠭᠠᠳᠠᠨᠠᠬᠢ ᠡᠭᠡᠯᠵᠢ ᠶᠢᠨ ᠨᠢᠰᠬᠡᠯ 17 ᠪᠠᠶᠢᠵᠤ᠂ ᠭᠤᠣᠯᠳᠠᠭᠤ ᠬᠠᠷᠪᠢᠨ᠂ ᠱᠢ ᠵᠢᠶᠠ ᠵᠤᠸᠠᠩ᠂ ᠲᠢᠶᠠᠨᠵᠢᠨ ᠵᠡᠷᠭᠡ 10 ᠠᠭᠠᠷ ᠤᠨ ᠠᠶᠠᠯᠠᠯ ᠤᠨ ᠴᠡᠭ ᠢ ᠰᠡᠷᠭᠦᠭᠡᠨ᠎ᠡ᠃      11 ᠰᠠᠷ᠎ᠠ ᠶᠢᠨ 19 ᠤ ᠡᠳᠦᠷ 45 ᠡᠭᠡᠯᠵᠢ ᠶᠢᠨ ᠨᠢᠰᠬᠡᠯ ᠢ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ ᠣᠷᠣᠨ ᠤ ᠳᠣᠲᠣᠷᠠᠬᠢ ᠡᠭᠡᠯᠵᠢ ᠶᠢᠨ ᠨᠢᠰᠬᠡᠯ 20᠂ ᠣᠷᠣᠨ ᠤ ᠭᠠᠳᠠᠨᠠᠬᠢ ᠡᠭᠡᠯᠵᠢ ᠶᠢᠨ ᠨᠢᠰᠬᠡᠯ 25 ᠡᠭᠡᠯᠵᠢ ᠪᠠᠶᠢᠨ᠎ᠠ᠃ ᠡᠷᠢᠶᠡᠨ ᠬᠤᠳᠠ᠂ ᠮᠦᠭᠳᠡᠨ ᠵᠡᠷᠭᠡ ᠭᠠᠵᠠᠷ ᠤᠨ ᠡᠭᠡᠯᠵᠢ ᠶᠢᠨ ᠨᠢᠰᠬᠡᠯ ᠢ ᠰᠡᠷᠭᠦᠭᠡᠬᠦ ᠶᠢᠨ ᠬᠠᠮᠲᠤ ᠲᠦᠩᠯᠢᠶᠣᠣ᠂ ᠤᠯᠠᠭᠠᠨᠬᠠᠳᠠ᠂ ᠬᠠᠶᠢᠯᠠᠷ ᠤᠨ ᠡᠭᠡᠯᠵᠢ ᠶᠢᠨ ᠨᠢᠰᠬᠡᠯ ᠤᠨ ᠲᠤᠭ᠎ᠠ ᠶᠢ 3 ᠡᠭᠡᠯᠵᠢ ᠠᠴᠠ ᠳᠡᠭᠡᠭᠰᠢ᠂ ᠰᠢᠯᠢᠩᠬᠤᠲᠠ᠂ ᠤᠯᠠᠭᠠᠨᠬᠤᠲᠠ ᠶᠢᠨ ᠡᠭᠡᠯᠵᠢ ᠶᠢᠨ ᠨᠢᠰᠬᠡᠯ ᠤᠨ ᠲᠤᠭ᠎ᠠ ᠶᠢ 2 ᠡᠭᠡᠯᠵᠢ ᠠᠴᠠ ᠳᠡᠭᠡᠭᠰᠢ ᠪᠣᠯᠭᠠᠨ᠎ᠠ᠃      11 ᠰᠠᠷ᠎ᠠ ᠶᠢᠨ 20 ᠤ ᠡᠳᠦᠷ 68 ᠡᠭᠡᠯᠵᠢ ᠶᠢᠨ ᠨᠢᠰᠬᠡᠯ ᠢ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ ᠣᠷᠣᠨ ᠤ ᠳᠣᠲᠣᠷᠠᠬᠢ ᠡᠭᠡᠯᠵᠢ ᠶᠢᠨ ᠨᠢᠰᠬᠡᠯ 29᠂ ᠮᠠᠨᠵᠤᠤᠷ᠂ ᠲᠠᠶᠢᠶᠤᠸᠠᠨ᠂ ᠯᠠᠨᠵᠧᠦ ᠵᠡᠷᠭᠡ ᠭᠠᠵᠠᠷ ᠤᠨ ᠡᠭᠡᠯᠵᠢ ᠶᠢᠨ ᠨᠢᠰᠬᠡᠯ ᠢ ᠰᠡᠷᠭᠦᠭᠡᠬᠦ ᠶᠢᠨ ᠬᠠᠮᠲᠤ ᠱᠠᠩᠬᠠᠢ᠂ ᠬᠠᠷᠪᠢᠨ᠂ ᠬᠠᠩᠵᠧᠦ᠂ ᠰᠠᠨᠶᠠ᠂ ᠱᠧᠨᠵᠧᠨ ᠤ ᠡᠭᠡᠯᠵᠢ ᠶᠢᠨ ᠨᠢᠰᠬᠡᠯ ᠤᠨ ᠲᠤᠭ᠎ᠠ ᠶᠢ 3 ᠡᠭᠡᠯᠵᠢ ᠠᠴᠠ ᠳᠡᠭᠡᠭᠰᠢ ᠳᠤ ᠬᠦᠷᠭᠡᠵᠦ᠂ ᠦᠬᠠᠨ᠂ ᠬᠠᠶᠢᠺᠧᠦ᠂ ᠵᠢᠨᠠᠨ᠂ ᠲᠢᠶᠠᠨᠵᠢᠨ ᠤ ᠡᠭᠡᠯᠵᠢ ᠶᠢᠨ ᠨᠢᠰᠬᠡᠯ ᠤᠨ ᠲᠤᠭ᠎ᠠ ᠶᠢ 2 ᠡᠭᠡᠯᠵᠢ ᠠᠴᠠ ᠳᠡᠭᠡᠭᠰᠢ ᠳᠤ ᠬᠦᠷᠭᠡᠨ᠎ᠡ᠃      ᠵᠠᠯᠭᠠᠭᠠᠳ ᠨᠢᠰᠬᠡᠯ ᠤᠨ ᠡᠭᠡᠯᠵᠢ ᠶᠢᠨ ᠨᠢᠰᠬᠡᠯ ᠤᠨ ᠲᠤᠭ᠎ᠠ ᠬᠡᠮᠵᠢᠶ᠎ᠡ ᠶᠢ ᠡᠳᠦᠷ ᠳᠠᠷᠠᠭᠠᠯᠠᠨ ᠨᠡᠮᠡᠭᠳᠡᠭᠦᠯᠵᠦ᠂ ᠬᠢᠵᠢᠭ ᠠᠴᠠ ᠡᠮᠦᠨᠡᠬᠢ ᠪᠠᠶᠢᠳᠠᠯ ᠪᠤᠯᠲᠠᠯ᠎ᠠ ᠰᠡᠷᠭᠦᠭᠡᠨ᠎ᠡ᠂ ᠣᠯᠠᠨ ᠢᠶᠠᠷ ᠢᠶᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠢᠯᠧᠲ ᠬᠤᠳᠠᠯᠳᠤᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠠᠩᠬᠠᠷᠬᠤ ᠶᠢᠨ ᠬᠠᠮᠲᠤ᠂ 96777 ᠨᠢᠰᠬᠡᠯ ᠤᠨ ᠪᠠᠭᠤᠳᠠᠯ ᠤᠨ ᠦᠢᠯᠡᠴᠢᠯᠡᠭᠡᠨ ᠤ ᠯᠠᠪᠯᠠᠬᠤ ᠤᠲᠠᠰᠤ ᠪᠠᠷ ᠳᠠᠮᠵᠢᠭᠤᠯᠤᠨ ᠠᠰᠠᠭᠤᠨ ᠯᠠᠪᠯᠠᠭᠠᠷᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ