ᠭᠦᠭᠡᠬᠤᠲᠠ  ᠶᠢᠨ ᠬᠢᠵᠢᠭ  ᠤᠨ ᠪᠠᠶᠢᠳᠠᠯ ᠶᠡᠷᠦᠩᠬᠡᠢ  ᠳᠡᠭᠡᠨ ᠪᠠᠭᠤᠷᠠᠬᠤ ᠬᠠᠨᠳᠤᠰᠢ ᠲᠠᠢ ᠪᠠᠶᠢᠨ᠎ᠠ
ᠨᠡᠶᠢᠲᠡᠯᠡᠭᠰᠡᠨ ᠴᠠᠭ᠄
2022/11/21
      11 ᠰᠠᠷ᠎ᠠ ᠶᠢᠨ 19  ᠤ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠰᠢᠦᠢ ᠬᠤᠩ ᡁᠢ ᠰᠣᠷᠪᠤᠯᠵᠢᠯᠠᠭ᠎ᠠ ᠬᠦᠯᠢᠶᠡᠬᠦ ᠳᠡᠭᠡᠨ᠂ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠤ ᠢᠯᠠᠯᠲᠠ ᠶᠢ ᠲᠦᠷᠭᠡᠨ ᠣᠯᠬᠤ ᠶᠢᠨ ᠲᠥᠯᠥᠭᠡ᠂ 11 ᠰᠠᠷ᠎ᠠ ᠶᠢᠨ 12  ᠤᠨ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠭᠦᠭᠡᠬᠤᠲᠠ ᠳᠤ ᠭᠦᠨᠵᠡᠭᠡᠶᠢᠷᠡᠨ᠂ ᠬᠠᠪᠲᠠᠭᠠᠶᠢᠵᠢᠭᠤᠯᠤᠬᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡᠳᠦᠯᠲᠡᠢ ᠵᠢᠯᠣᠭᠤᠳᠤᠨ ᠨᠢᠭᠡᠳᠦᠯᠲᠡᠢ ᠲᠣᠬᠢᠷᠠᠭᠤᠯᠵᠤ᠂ ︽ᠭᠤᠷᠪᠠᠨ ᠲᠦᠷᠭᠡᠨ ᠨᠢᠭᠡ ᠴᠢᠩᠭ᠎ᠠ︾ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠣᠳᠣᠬᠠᠨ ᠳᠤ ᠨᠢᠭᠡᠨᠲᠡ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ ᠭᠡᠵᠦ ᠲᠠᠨᠢᠯᠴᠠᠭᠤᠯᠤᠭᠰᠠᠨ ᠪᠠᠶᠢᠨ᠎ᠠ᠃      ᠬᠢᠵᠢᠭ ᠤᠨ ᠪᠠᠶᠢᠳᠠᠯ ᠶᠡᠷᠦᠩᠬᠡᠢ ᠳᠡᠭᠡᠨ ᠪᠠᠭᠤᠷᠠᠬᠤ ᠬᠠᠨᠳᠤᠰᠢ ᠲᠠᠢ ᠪᠠᠶᠢᠨ᠎ᠠ      ᠰᠢᠦᠢ ᠬᠤᠩ ᡁᠢ᠂ ᠡᠨᠡ ᠬᠦ ᠮᠠᠭᠠᠳᠯᠠᠯᠲᠠ ᠨᠢ ᠭᠤᠣᠯᠳᠠᠭᠤ ᠬᠤᠶᠠᠷ ᠲᠠᠯ᠎ᠠ ᠶᠢᠨ ᠦᠨᠳᠦᠰᠦᠯᠡᠯ ᠲᠠᠢ ᠶᠤᠮ ᠭᠡᠵᠦ ᠢᠯᠡᠷᠬᠡᠶᠢᠯᠡᠭᠰᠡᠨ ᠪᠠᠶᠢᠨ᠎ᠠ᠃      ᠨᠢᠭᠡ ᠳᠤ᠂ ᠪᠦᠬᠦᠶᠢᠯᠡ ᠪᠠᠶᠢᠴᠠᠭᠠᠵᠤ ᠭᠠᠷᠭᠠᠭᠰᠠᠨ ᠪᠠᠶᠢᠳᠠᠯ ᠠᠴᠠ ᠦᠵᠡᠪᠡᠯ᠂ ᠣᠶᠢᠷ᠎ᠠ ᠶᠢᠨ ᠬᠤᠶᠠᠷ ᠡᠳᠦᠷ ᠲᠤ ᠪᠠᠶᠢᠴᠠᠭᠠᠵᠤ ᠭᠠᠷᠭᠠᠭᠰᠠᠨ ᠬᠠᠯᠳᠠᠪᠤᠷᠢᠯᠠᠭᠳᠠᠭᠴᠢ ᠶᠢᠨ ᠲᠤᠭ᠎ᠠ ᠢᠯᠡᠳᠲᠡ ᠪᠠᠭᠤᠷᠠᠪᠠ᠃ 11 ᠰᠠᠷ᠎ᠠ ᠶᠢᠨ 13  ᠠᠴᠠ 11 ᠰᠠᠷ᠎ᠠ ᠶᠢᠨ 18 ᠤ ᠡᠳᠦᠷ ᠪᠤᠯᠲᠠᠯᠠᠭᠢ ᠪᠠᠶᠢᠴᠠᠭᠠᠵᠤ ᠭᠠᠷᠭᠠᠭᠰᠠᠨ ᠬᠠᠯᠳᠠᠪᠤᠷᠢᠯᠠᠭᠳᠠᠭᠴᠢ ᠭᠤᠣᠯᠳᠠᠭᠤ ᠲᠤᠰᠠᠭᠠᠷᠯᠠᠨ ᠬᠠᠮᠢᠶᠠᠷᠤᠨ ᠡᠵᠡᠮᠳᠡᠵᠦ ᠪᠠᠶᠢᠭ᠎ᠠ ᠬᠥᠮᠥᠰ ᠠᠴᠠ ᠢᠷᠡᠯᠲᠡ ᠲᠠᠢ᠂ ᠡᠭᠦᠨ ᠳᠤ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ ᠴᠡᠭ ᠠᠴᠠ ᠪᠠᠶᠢᠴᠠᠭᠠᠨ ᠭᠠᠷᠭᠠᠭᠰᠠᠨ ᠲᠤᠭ᠎ᠠ ᠨᠢ ᠥᠨᠳᠥᠷ ᠲᠦᠭᠰᠢᠭᠦᠷᠢᠲᠡᠢ ᠭᠠᠵᠠᠷ ᠣᠷᠣᠨ ᠤ ᠬᠢ  ᠠᠷᠪᠢᠨ ᠪᠠᠶᠢᠵᠤ᠂ ᠥᠨᠳᠥᠷ ᠲᠦᠭᠰᠢᠭᠦᠷᠢᠲᠡᠢ ᠭᠠᠵᠠᠷ ᠣᠷᠣᠨ ᠠᠴᠠ ᠪᠠᠶᠢᠴᠠᠭᠠᠵᠤ ᠭᠠᠷᠭᠠᠭᠰᠠᠨ ᠲᠤᠭ᠎ᠠ ᠨᠢ ᠴᠦ ᠪᠠᠭᠤᠷᠠᠬᠤ ᠬᠠᠨᠳᠤᠰᠢ ᠲᠠᠢ ᠪᠠᠶᠢᠨ᠎ᠠ᠃      ᠬᠤᠶᠠᠷ ᠲᠤ᠂ ᠳᠣᠣᠷ᠎ᠠ ᠲᠦᠭᠰᠢᠭᠦᠷᠢᠲᠡᠢ ᠭᠠᠵᠠᠷ ᠣᠷᠣᠨ ᠠᠴᠠ ᠪᠠᠶᠢᠴᠠᠭᠠᠵᠤ ᠭᠠᠷᠭᠠᠭᠰᠠᠨ ᠬᠠᠯᠳᠠᠪᠤᠷᠢᠯᠠᠭᠳᠠᠭᠴᠢ ᠶᠢᠨ ᠲᠤᠭ᠎ᠠ  ᠨᠢ 11 ᠰᠠᠷ᠎ᠠ ᠶᠢᠨ 14  ᠤ ᠡᠳᠦᠷ ᠤᠨ 90 ᠪᠠᠶᠢᠭᠰᠠᠨ ᠠᠴᠠ ᠪᠠᠨ 11 ᠰᠠᠷ᠎ᠠ ᠶᠢᠨ 18  ᠤ ᠡᠳᠦᠷ ᠤᠨ 7 ᠪᠣᠯᠵᠤ ᠪᠠᠭᠤᠷᠠᠵᠤ᠂ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠬᠤ ᠲᠦᠭᠰᠢᠭᠦᠷᠢ ᠪᠠᠭᠤᠷᠠᠪᠠ᠃ ᠠᠷᠭ᠎ᠠ ᠴᠢᠨᠠᠷᠲᠠᠢ ᠬᠥᠮᠥᠰ ᠢ ᠪᠠᠶᠢᠴᠠᠭᠠᠵᠤ ᠭᠠᠷᠭᠠᠭᠰᠠᠨ ᠳᠣᠣᠷ᠎ᠠ ᠲᠦᠭᠰᠢᠭᠦᠷᠢᠲᠡᠢ ᠰᠠᠭᠤᠭᠠᠯᠢ ᠲᠣᠭᠤᠷᠢᠭ ᠨᠢ 11 ᠰᠠᠷ᠎ᠠ ᠶᠢᠨ 14  ᠤ ᠡᠳᠦᠷ ᠤᠨ 48 ᠪᠠᠶᠢᠭᠰᠠᠨ ᠠᠴᠠ ᠪᠠᠨ 11 ᠰᠠᠷ᠎ᠠ ᠶᠢᠨ 18  ᠤ ᠡᠳᠦᠷ ᠤᠨ 6 ᠪᠣᠯᠵᠤ ᠪᠠᠭᠤᠷᠠᠪᠠ᠃      ᠨᠢᠭᠲᠠ ᠣᠶᠢᠷᠠᠲᠤᠭᠴᠢ ᠶᠢ ᠴᠠᠭ ᠲᠤᠬᠠᠢ ᠳᠤᠨᠢ ᠲᠤᠰᠠᠭᠠᠷᠯᠠᠬᠤ ᠨᠢ ᠬᠠᠤᠯᠢ ᠳᠤ ᠨᠡᠶᠢᠴᠡᠭᠦ ᠪᠥᠭᠡᠳ ᠡᠷᠬᠡᠪᠰᠢ ᠬᠢᠬᠦ ᠶᠣᠰᠣᠲᠠᠢ      ᠰᠢᠦᠢ ᠬᠤᠩ ᡁᠢ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢᠨ ᠵᠠᠩᠭᠢᠯᠠᠭ᠎ᠠ ᠨᠢ ᠡᠬᠢ ᠡᠭᠦᠰᠦᠯ ᠠᠴᠠ ᠨᠢ ᠡᠵᠡᠮᠳᠡᠬᠦ ᠳᠤ ᠪᠤᠢ᠂ ᠨᠢᠭᠲᠠ ᠣᠶᠢᠷᠠᠲᠤᠭᠴᠢ ᠪᠣᠯ ᠬᠠᠯᠳᠠᠪᠤᠷᠢᠯᠠᠬᠤ ᠠᠶᠤᠯ ᠲᠦᠭᠰᠢᠭᠦᠷᠢ ᠪᠠᠷ ᠬᠠᠮᠤᠭ ᠤᠨ ᠶᠡᠭᠡ ᠬᠥᠮᠥᠰ ᠪᠣᠯᠣᠨ᠎ᠠ᠂ ᠪᠠᠰᠠ ᠴᠤ ᠰᠢᠨ᠎ᠡ ᠬᠠᠯᠳᠠᠪᠤᠷᠢᠯᠠᠯ ᠤᠨ ᠡᠬᠢ ᠪᠤᠯᠬᠤ ᠬᠠᠮᠤᠭ ᠤᠨ ᠪᠣᠯᠣᠯᠴᠠᠭ᠎ᠠ ᠲᠠᠢ ᠬᠥᠮᠥᠰ ᠪᠣᠯᠣᠨ᠎ᠠ ᠭᠡᠵᠦ ᠬᠡᠯᠡᠪᠡ᠃ ︽ᠨᠢᠭᠲᠠ ᠣᠶᠢᠷᠠᠲᠤᠭᠴᠢ ᠶᠢ ᠴᠠᠭ ᠲᠤᠬᠠᠢ ᠳᠤᠨᠢ ᠲᠤᠰᠠᠭᠠᠷᠯᠠᠬᠤ ᠴᠡᠭ ᠲᠤ ᠰᠢᠯᠵᠢᠭᠦᠯᠦᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠣᠯ ᠨᠡᠶᠢᠭᠡᠮ ᠲᠣᠭᠤᠷᠢᠭ ᠤᠨ ᠤᠯᠠᠮ ᠨᠢᠭᠡ ᠠᠯᠬᠤᠮ ᠬᠠᠯᠳᠠᠪᠤᠷᠢᠯᠠᠯ ᠢ ᠲᠠᠰᠤᠯᠬᠤ ᠶᠢᠨ ᠵᠠᠩᠭᠢᠯᠠᠭ᠎ᠠ ᠮᠥᠨ᠂ ᠨᠡᠶᠢᠭᠡᠮ ᠲᠣᠭᠤᠷᠢᠭ ᠤᠨ ᠬᠠᠯᠳᠠᠪᠤᠷᠢᠯᠠᠭᠳᠠᠭᠴᠢ ᠶᠢ ᠡᠷᠲᠡᠬᠡᠨ ᠪᠦᠷᠢᠮᠦᠰᠦᠨ ᠠᠷᠢᠯᠭᠠᠬᠤ ᠶᠢᠨ ᠰᠠᠭᠤᠷᠢ ᠮᠥᠨ︾ ᠭᠡᠪᠡ᠃      ᠪᠥᠭᠡᠮ ᠬᠦᠴᠢᠯ ᠤᠨ ᠪᠠᠶᠢᠴᠠᠭᠠᠯᠲᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ      ᠰᠢᠦᠢ ᠬᠤᠩ ᡁᠢ᠂ ᠡᠯ᠎ᠡ ᠭᠠᠵᠠᠷ ᠤᠨ ᠬᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ᠂ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠯ᠎ᠡ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠵᠤ᠂ ᠲᠤᠷᠰᠢᠯᠲᠠ ᠶᠢᠨ ᠭᠤᠭᠴᠤᠭ᠎ᠠ ᠶᠢᠨ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠦᠯᠢᠭᠡᠷ ᠠᠪᠬᠤ ᠲᠠᠯ᠎ᠠ ᠪᠠᠷ ᠡᠯ᠎ᠡ ᠭᠠᠵᠠᠷ᠂ ᠡᠯ᠎ᠡ ᠦᠯᠢᠭᠡᠷ ᠠᠪᠬᠤ ᠨᠢᠭᠡᠴᠢ ᠶᠢᠨ ᠬᠢᠨ ᠪᠣᠯᠪᠠᠰᠤᠷᠠᠯ ᠢᠶᠠᠨ ᠤᠯᠠᠮ ᠴᠢᠩᠭᠠᠳᠬᠠᠵᠤ᠂ ᠦᠯᠢᠭᠡᠷ ᠠᠪᠬᠤ ᠠᠵᠢᠯᠲᠠᠨ ᠢ ᠵᠦᠢ ᠵᠣᠬᠢᠰᠲᠠᠢ ᠲᠣᠬᠢᠷᠠᠭᠤᠯᠵᠤ᠂ ᠥᠨᠳᠥᠷ ᠲᠦᠭᠰᠢᠭᠦᠷᠢᠲᠡᠢ ᠠᠰᠠᠷ ᠤᠨ ᠦᠯᠢᠭᠡᠷ ᠠᠪᠬᠤ ᠠᠵᠢᠯᠲᠠᠨ ᠶᠠᠭᠠᠬᠢᠭᠰᠠᠨ ᠴᠤ ᠳᠣᠣᠷ᠎ᠠ ᠲᠦᠭᠰᠢᠭᠦᠷᠢᠲᠡᠢ ᠠᠰᠠᠷ ᠠᠴᠠ ᠦᠯᠢᠭᠡᠷ ᠠᠪᠴᠤ ᠪᠤᠯᠬᠤ ᠦᠭᠡᠢ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠢᠯᠡᠷᠬᠡᠶᠢᠯᠡᠵᠡᠢ᠃      ᠥᠨᠳᠥᠷ ᠲᠦᠭᠰᠢᠭᠦᠷᠢᠲᠡᠢ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠡᠪᠴᠢᠶ᠎ᠡ ᠶᠢ ᠵᠣᠬᠢᠰᠲᠠᠢ ᠥᠷᠭᠡᠳᠬᠡᠬᠦ ᠳᠤ ᠦᠨᠳᠦᠰᠦᠯᠡᠯ ᠲᠠᠢ ᠶᠤᠮ      ᠰᠢᠦᠢ ᠬᠤᠩ ᡁᠢ ᠢᠯᠡᠷᠬᠡᠶᠢᠯᠡᠬᠦ ᠳᠡᠭᠡᠨ᠂ ᠣᠳᠣᠬᠠᠨ ᠳᠤ ᠭᠦᠭᠡᠬᠤᠲᠠ ᠶᠢᠨ ᠵᠠᠷᠢᠮ ᠰᠠᠭᠤᠭᠠᠯᠢ ᠲᠣᠭᠤᠷᠢᠭ ᠤᠨ ᠥᠨᠳᠥᠷ ᠲᠦᠭᠰᠢᠭᠦᠷᠢᠲᠡᠢ ᠠᠰᠠᠷ ᠨᠢ ᠠᠷᠭ᠎ᠠ ᠴᠢᠨᠠᠷᠲᠠᠢ ᠪᠤᠶᠤ ᠨᠢᠭᠲᠠ ᠦᠷᠠᠳᠤᠬᠴᠢ ᠶᠢ ᠪᠠᠶᠢᠴᠠᠭᠠᠵᠤ ᠭᠠᠷᠭᠠᠭᠰᠠᠨ ᠨᠢ ᠨᠡᠯᠢᠶᠡᠳ ᠣᠯᠠᠨ ᠪᠥᠭᠡᠳ ᠬᠡᠳᠦᠨ ᠡᠳᠦᠷ ᠳᠠᠷᠠᠭᠠᠯᠠᠨ ᠴᠥᠮ ᠪᠠᠶᠢᠴᠠᠭᠠᠵᠤ ᠭᠠᠷᠭᠠᠭᠰᠠᠨ ᠪᠠᠶᠢᠨ᠎ᠠ᠂ ᠡᠶᠢᠮᠦ ᠪᠠᠶᠢᠳᠠᠯ ᠳᠣᠣᠷ᠎ᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠨᠢ ᠪᠤᠰᠤᠳ ᠨᠢᠭᠡᠴᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠠᠰᠠᠷ ᠢᠶᠠᠷ ᠨᠢᠭᠡᠴᠢ ᠪᠣᠯᠭᠠᠨ ᠥᠨᠳᠥᠷ ᠲᠦᠭᠰᠢᠭᠦᠷᠢᠲᠡᠢ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠡᠷᠡᠭᠲᠡᠢ ᠭᠡᠵᠡᠢ᠃       ᠴᠢᠩᠭᠡᠯᠢᠭ ᠡᠮᠨᠡᠯᠭᠡ ᠶᠢᠨ ᠬᠤᠷᠢᠶᠠᠨ  ᠤ ᠣᠷᠣ ᠬᠡᠷᠡᠭᠴᠡᠭᠡ  ᠶᠢ ᠬᠠᠩᠭᠠᠵᠤ ᠳᠡᠶᠢᠯᠦᠨ᠎ᠡ   ᠠᠰᠠᠭᠤᠳᠠᠯ ᠢ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ      ᠭᠦᠭᠡᠬᠤᠲᠠ ᠶᠢᠨ ᠡᠨᠡ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠭᠦᠭᠡᠬᠤᠲᠠ ᠤᠷᠢᠳ ᠬᠤᠵᠢᠳ ᠴᠡᠯᠡᠭᠡᠷ ᠲᠠᠯ᠎ᠠ ᠶᠢᠨ 1 ᠳ᠋ᠦ᠋ᠭᠡᠷ᠂ 2 ᠳ᠋ᠤᠭᠠᠷ ᠨᠣᠮᠧᠷᠲᠤ ᠴᠢᠩᠭᠡᠯᠢᠭ ᠵᠢᠴᠢ 3 ᠳ᠋ᠤᠭᠠᠷ ᠨᠣᠮᠧᠷᠲᠤ ᠮᠦᠽᠧᠢ ᠶᠢᠨ ᠴᠢᠩᠭᠡᠯᠢᠭ ᠢ ᠪᠠᠶᠢᠭᠤᠯᠵᠤ᠂ ᠬᠠᠯᠳᠠᠪᠤᠷᠢᠯᠠᠭᠳᠠᠭᠴᠢ ᠶᠢᠨ ᠲᠤᠭ᠎ᠠ ᠲᠦᠷᠭᠡᠨ ᠨᠡᠮᠡᠭᠳᠡᠬᠦ ᠶᠢ ᠳᠠᠭᠠᠯᠳᠤᠨ ᠪᠠᠰᠠ ᠵᠠᠮ ᠬᠠᠷᠢᠯᠴᠠᠭᠠᠨ ᠤ ᠬᠦᠢᠰᠦ ᠵᠡᠷᠭᠡ ᠴᠢᠩᠭᠡᠯᠢᠭ ᠢ ᠵᠠᠯᠭᠠᠭ᠎ᠠ ᠪᠠᠷ ᠪᠠᠶᠢᠭᠤᠯᠪᠠ᠃ ᠣᠳᠣᠬᠠᠨ ᠳᠤ ᠭᠦᠭᠡᠬᠤᠲᠠ ᠳᠤ ᠨᠡᠶᠢᠳᠡ 7 ᠴᠢᠩᠭᠡᠯᠢᠭ ᠡᠮᠨᠡᠯᠭᠡ ᠶᠢᠨ ᠬᠤᠷᠢᠶ᠎ᠠ᠂ ᠨᠡᠶᠢᠳᠡ 16000 ᠭᠠᠷᠤᠢ ᠣᠷᠣ ᠲᠠᠢ᠃ ᠶᠡᠷᠦᠩᠬᠡᠢ ᠳᠤᠨᠢ ᠠᠪᠴᠤ ᠦᠵᠡᠪᠡᠯ᠂ ᠣᠳᠣᠬᠠᠨ ᠳᠤ ᠴᠢᠩᠭᠡᠯᠢᠭ  ᠠᠴᠠ ᠭᠠᠷᠬᠤ ᠬᠥᠮᠥᠨ ᠤ ᠲᠤᠭ᠎ᠠ ᠨᠢ ᠣᠷᠣᠬᠤ ᠬᠥᠮᠥᠨ ᠤ ᠲᠤᠭ᠎ᠠ ᠠᠴᠠ ᠠᠷᠪᠢᠨ ᠪᠠᠶᠢᠵᠤ᠂ ᠣᠷᠣ ᠶᠢᠨ ᠲᠤᠭ᠎ᠠ ᠨᠢ ᠣᠳᠣᠬᠠᠨ ᠤ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠶᠢᠨ ᠠᠨᠠᠭᠠᠬᠤ ᠤᠬᠠᠭᠠᠨ ᠤ ᠠᠵᠢᠭᠯᠠᠯᠲᠠ ᠶᠢᠨ ᠬᠡᠷᠡᠭᠴᠡᠭᠡ ᠶᠢ ᠬᠠᠩᠭᠠᠵᠤ ᠲᠡᠶᠢᠯᠦᠨ᠎ᠠ᠃      ᠡᠭᠦᠨ ᠠᠴᠠ ᠡᠮᠦᠨ᠎ᠡ᠂ ᠭᠦᠭᠡᠬᠤᠲᠠ ᠶᠢᠨ ᠵᠠᠷᠢᠮ ᠴᠢᠩᠭᠡᠯᠢᠭ ᠨᠢ ᠴᠠᠭ ᠲᠤᠬᠠᠢ ᠳᠤᠨᠢ ᠬᠤᠭᠤᠯᠠ ᠤᠮᠳᠠ ᠬᠠᠩᠭᠠᠬᠤ ᠦᠭᠡᠢ᠂ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠪᠠᠷᠢᠮᠵᠢᠶ᠎ᠠ ᠳᠤ ᠬᠦᠷᠬᠦ ᠦᠭᠡᠢ᠂ ᠴᠠᠭ ᠲᠤᠬᠠᠢ ᠳᠤᠨᠢ ᠴᠡᠪᠡᠷᠯᠡᠵᠦ ᠳᠡᠶᠢᠯᠭᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠪᠠ᠃ ᠰᠢᠦᠢ ᠬᠤᠩ ᡁᠢ ᠢᠯᠡᠷᠬᠡᠶᠢᠯᠡᠬᠦ ᠳᠡᠭᠡᠨ᠂ ᠣᠳᠣᠬᠠᠨ ᠳᠤ ᠭᠦᠭᠡᠬᠤᠲᠠ ᠨᠢᠭᠡᠨᠲᠡ ᠲᠣᠬᠢᠷᠠᠭᠤᠯᠤᠯᠲᠠ ᠬᠢᠵᠦ ᠴᠡᠭᠴᠡᠯᠡᠨ ᠰᠠᠶᠢᠵᠢᠷᠠᠭᠤᠯᠵᠤ ᠪᠠᠶᠢᠨ᠎ᠠ᠂ ︽ᠪᠢᠳᠡ ᠪᠠᠰᠠ ᠨᠠᠶᠢᠳᠠᠨ ᠬᠠᠮᠢᠶᠠᠷᠤᠭᠤᠯᠬᠤ ᠡᠮᠨᠡᠯᠭᠡ ᠶᠢᠨ ᠬᠤᠷᠢᠶᠠᠨ ᠤ ᠲᠠᠯ᠎ᠠ ᠠᠴᠠ ᠴᠠᠭ ᠲᠤᠬᠠᠢ ᠳᠤᠨᠢ ᠰᠢᠪᠠᠳᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠪᠠᠶᠢᠨ᠎ᠠ︾ ᠭᠡᠪᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ