ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠣᠷ ᠲᠦᠪᠰᠢᠨ ᠤ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/11/22
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠣᠶᠢᠷ᠎ᠠ ᠳᠤ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠲᠤᠰᠬᠠᠶ ᠠᠩᠭᠢ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠪᠠᠭᠠᠵᠢ ᠬᠡᠷᠡᠭᠰᠡᠯ ᠤᠨ ᠡᠵᠡᠩᠨᠡᠯᠲᠡ᠂ ᠬᠡᠷᠡᠭᠯᠡᠯᠲᠡ ᠪᠠ ᠬᠠᠳᠠᠭᠠᠯᠠᠯᠲᠠ ᠶᠢᠨ ᠨᠢᠭᠡᠴᠡ ᠳᠤ ᠭᠦᠨᠵᠡᠭᠡᠶᠢᠷᠡᠨ ᠬᠢᠨᠠᠯᠲᠠ ᠪᠠᠶᠢᠴᠠᠭᠠᠯᠲᠠ ᠥᠷᠨᠢᠭᠦᠯᠪᠡ᠃      ᠰᠢᠶᠠᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠵᠢᠭ ᠤᠨ ᠪᠠᠶᠢᠳᠠᠯ ᠤᠨ ᠡᠳ᠋ ᠪᠣᠳᠠᠰ ᠤᠨ ᠨᠥᠭᠡᠴᠡᠯᠡᠯᠲᠡ ᠶᠢᠨ ᠬᠥᠮᠥᠷᠭᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠥᠮᠥᠷᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠥᠮᠥᠷᠭᠡ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠬᠢᠨᠠᠯᠲᠠ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠪᠠᠭᠠᠵᠢ ᠬᠡᠷᠡᠭᠰᠡᠯ ᠤᠨ ᠬᠠᠮᠢᠶ᠎ᠠ ᠪᠥᠬᠦᠶ ᠦᠢᠯᠡᠳᠬᠦᠨ ᠤ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠡᠬᠡ ᠲᠠᠩᠰᠠ ᠪᠠᠶᠢᠭᠤᠯᠤᠭᠰᠠᠨ ᠪᠠᠶᠢᠨ᠎ᠠ᠃ ᠦᠢᠯᠡᠳᠬᠦᠨ ᠤ ᠬᠢᠷᠢ ᠴᠢᠳᠠᠮᠵᠢ ᠨᠢ ᠪᠦᠷᠢᠨ ᠭᠦᠢᠴᠡᠳ ᠪᠠᠶᠢᠬᠤ ᠡᠰᠡᠬᠦ᠂ ᠬᠤᠳᠠᠯᠳᠤᠨ ᠠᠪᠬᠤ ᠠᠷᠭ᠎ᠠ ᠵᠠᠮ ᠨᠢ ᠬᠠᠤᠯᠢ ᠳᠤ ᠨᠡᠶᠢᠴᠡᠬᠦ ᠡᠰᠡᠬᠦ᠂ ᠬᠠᠳᠠᠭᠠᠯᠠᠬᠤ ᠴᠢᠳᠠᠪᠤᠷᠢ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠦᠢᠯᠡᠳᠬᠦᠨ ᠨᠢ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠬᠠᠮᠢᠶᠠᠷᠤᠭᠴᠢ ᠶᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷ ᠢ ᠪᠠᠨ ᠨᠠᠷᠢᠨ ᠬᠢᠨᠠᠮᠠᠭᠠᠶ ᠪᠠᠶᠢᠴᠠᠭᠠᠬᠤ ᠶᠢᠨ ᠬᠠᠮᠲᠤ ᠠᠰᠠᠭᠤᠳᠠᠯ ᠢ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠵᠤ᠂ ᠪᠠᠷᠠᠭ᠎ᠠ ᠣᠷᠣᠭᠤᠯᠤᠭᠰᠠᠨ ᠢ ᠪᠠᠶᠢᠴᠠᠭᠠᠨ ᠰᠢᠯᠭᠠᠵᠤ ᠲᠡᠮᠳᠡᠭᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃      ᠲᠠᠷᠠᠭᠠᠴᠢ ᠶᠢᠨ ᠠᠯᠬᠤᠮ ᠳᠤ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠡᠷᠡᠭᠯᠡᠬᠦ ᠪᠠᠭᠠᠵᠢ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ